ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠢ | ᠬᠥᠭᠵᠢᠭᠦᠯᠬᠦ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠤᠷᠢᠳ ᠬᠤᠵᠢᠳ ᠤᠯᠤᠰ ᠤᠨ | ︽13 · 5︾ ︽14 · 5︾ ᠶᠢᠨ ᠬᠥᠲᠥᠯᠪᠦᠷᠢ ᠵᠢᠴᠢ ︽ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠵᠡᠷᠭᠡ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ | ᠣᠷᠣᠭᠤᠯᠪᠠ᠃ 2017 ᠣᠨ ᠤ 3 ᠳ᠋ᠤᠭᠠᠷ ᠰᠠᠷ᠎ᠠ ᠳᠤ᠂ ᠤᠤᠯ ᠤᠨ ᠤᠯᠤᠰ ᠤᠨ ᠨᠤᠲᠤᠭ ᠳᠡᠪᠢᠰᠬᠡᠷ ᠤᠨ ᠡᠬᠢ | ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ ︽ᠪᠣᠬᠢᠷᠲᠤᠯ ᠥᠬᠡᠶ | ᠠᠭᠤᠷᠬᠠᠶ ᠶᠢ ᠲᠦᠷᠭᠡᠪᠴᠢᠯᠡᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ ︾ ︵ᠤᠯᠤᠰ ᠨᠤᠲᠤᠭ ᠡᠬᠢ | ᠲᠣᠭᠲᠠᠭᠠᠯ ﹇2017﹈ 4 ᠳ᠋ᠦ᠋ᠭᠡᠷ ᠲᠣᠭᠠᠲᠤ ︶ ᠢ ᠳᠠᠷᠤᠮᠠᠯᠯᠠᠨ ᠲᠠᠷᠬᠠᠭᠠᠪᠠ᠃ 2020 ᠣᠨ ᠤ 11 ᠳ᠋ᠦ᠋ᠭᠡᠷ | ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ︾ | ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠣᠭᠠᠲᠤ ︶ ᠢ ᠳᠠᠷᠤᠮᠠᠯᠯᠠᠨ ᠲᠠᠷᠬᠠᠭᠠᠵᠤ᠂ ᠪᠥᠬᠦ | ᠣᠷᠣᠨ ᠤ ᠰᠢᠨ᠎ᠡ ᠪᠠᠷ ᠪᠠᠶᠢᠭᠤᠯᠬᠤ᠂ ᠦᠢᠯᠡᠳᠪᠦᠷᠢᠯᠡᠯ ᠤᠨ ᠠᠭᠤᠷᠬᠠᠶ ᠶᠢᠨ ᠪᠣᠬᠢᠷᠲᠤᠯ ᠦᠭᠡᠢ ᠪᠥᠲᠥᠭᠡᠨ | ᠪᠠᠶᠢᠭᠤᠯᠤᠯᠲᠠ ᠶᠢ ᠡᠷᠴᠢᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃ 2024 ᠣᠨ ᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ︾ ᠳᠤ ︽ᠪᠣᠬᠢᠷᠲᠤᠯ ᠥᠬᠡᠶ ᠠᠭᠤᠷᠬᠠᠶ ᠶᠢ ᠨᠡᠩ ᠣᠯᠠᠨ ᠪᠦᠲᠦᠭᠡᠨ ᠪᠠᠶᠢᠭᠤᠯᠬᠤ ᠬᠡᠷᠡᠭᠲᠡᠶ | ︾ ᠭᠡᠵᠦ ᠱᠠᠭᠠᠷᠳᠠᠪᠠ᠃ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠨ᠎ᠡ ᠵᠣᠷᠢᠭ ᠰᠠᠨᠠᠭ᠎ᠠ᠂ | ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠣᠬᠢᠷᠲᠤᠯ ᠥᠬᠡᠶ ᠠᠭᠤᠷᠬᠠᠶ ᠶᠢ ᠰᠢᠯᠢᠨ | ᠰᠣᠩᠭᠤᠬᠤ ᠪᠠ ᠬᠢᠨᠠᠨ ᠬᠠᠮᠢᠶᠠᠷᠬᠤ ᠠᠵᠢᠯ ᠢ ᠨᠠᠩ ᠰᠠᠶᠢᠨ ᠥᠷᠨᠢᠭᠦᠯᠬᠦ ᠶᠢ ᠵᠢᠷᠤᠮᠵᠢᠭᠤᠯᠤᠨ ᠵᠢᠯᠣᠭᠤᠳᠬᠤ ᠶᠢᠨ | ᠲᠥᠯᠥᠭᠡ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ | ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ᠳᠣᠷᠣᠭᠰᠢ ︽ᠮᠡᠳᠡᠭᠳᠡᠯ ︾ ᠭᠡᠵᠦ ᠲᠣᠪᠴᠢᠯᠠᠪᠠ ︶ ᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠬᠠᠷᠠᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ᠂ ᠭᠤᠶᠤᠴᠢᠯᠠᠨ | ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠴᠤᠪᠤᠷᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ | ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ | ᠬᠤᠶᠠᠷ᠂ ᠭᠤᠣᠯ ᠠᠭᠤᠯᠭ᠎ᠠ | ︽ᠮᠡᠳᠡᠭᠳᠡᠯ ︾ ᠳᠤ 3 ᠬᠡᠰᠡᠭ ᠪᠠ 3 ᠳᠠᠭᠠᠯᠳᠤᠭᠤᠯᠤᠯ ᠪᠠᠭᠲᠠᠨ᠎ᠠ᠃ | ᠨᠢᠭᠡᠳᠦᠭᠡᠷ ᠬᠡᠰᠡᠭ ᠲᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ | ᠬᠠᠷᠠᠯᠲᠠ ᠶᠢ ᠲᠣᠳᠣᠷᠬᠠᠶᠢᠯᠠᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠡᠲᠡᠭᠡᠳ᠂ ᠴᠠᠭ ᠤᠨ ᠬᠢᠵᠠᠭᠠᠷ ᠪᠠ ᠪᠣᠳᠠᠲᠠᠶ ᠱᠠᠭᠠᠷᠳᠠᠯᠭ᠎ᠠ ᠶᠢ ᠪᠠᠭᠲᠠᠭᠠᠨ᠎ᠠ︔ | ᠬᠤᠶᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠬᠤ ᠲᠤᠬᠠᠢ ᠪᠠᠶᠢᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ | ᠦᠨᠡᠯᠡᠬᠦ ᠭᠦᠢᠴᠡᠳᠬᠡᠯ ᠲᠤᠭ᠎ᠠ ᠶᠢ ᠪᠠᠶᠢᠭᠤᠯᠤᠨ ᠪᠦᠷᠢᠨᠰᠢᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ᠂ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ | ᠰᠢᠯᠭᠠᠷᠠᠭᠤᠯᠬᠤ ᠴᠤᠪᠤᠷᠠᠯ ᠢ ᠴᠢᠩᠳᠠᠯᠠᠬᠤ᠂ ᠭᠤᠷᠪᠠᠳᠠᠬᠢ ᠡᠲᠡᠭᠡᠳ ᠦᠨᠡᠯᠡᠨ ᠵᠢᠱᠢᠬᠦ ᠬᠠᠮᠢᠶᠠᠷᠤᠯᠲᠠ ᠶᠢ | ᠴᠢᠩᠭᠠᠳᠬᠠᠬᠤ᠂ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠯᠢᠳᠡᠭ ᠢ ᠨᠢ ᠰᠣᠩᠭᠤᠵᠤ ᠤᠯᠤᠰ ᠤᠨ ᠲᠠᠰ ᠤᠨ | ᠪᠣᠬᠢᠷᠲᠤᠯ ᠥᠬᠡᠶ ᠠᠭᠤᠷᠬᠠᠶ ᠳᠤ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠬᠤ ᠵᠡᠷᠭᠡ ᠶᠢ ᠪᠠᠭᠲᠠᠭᠠᠨ᠎ᠠ︔ | ᠭᠤᠷᠪᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠪᠠᠶᠢᠵᠤ᠂ ᠡᠭᠦᠨ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ | ᠪᠠᠭᠲᠠᠭᠠᠨ᠎ᠠ᠃ 3 ᠳᠠᠭᠠᠯᠳᠤᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠬᠦ ᠦᠨᠡᠯᠡᠨ ᠵᠢᠱᠢᠬᠦ ᠰᠢᠯᠢᠨ ᠰᠣᠩᠭᠤᠬᠤ | ᠠᠵᠢᠯ ᠤᠨ ᠴᠤᠪᠤᠷᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃ | ᠭᠤᠷᠪᠠ᠂ ᠭᠤᠣᠯ ᠣᠨᠴᠠᠯᠢᠭ | ᠨᠢᠭᠡ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ | ᠠᠬᠤᠶᠢᠯᠠᠯ ᠭᠤᠤᠯᠯᠠᠨ ᠪᠠᠶᠢᠭᠤᠯᠬᠤ᠂ ᠨᠡᠶᠢᠭᠡᠮ ᠳᠠᠶᠠᠭᠠᠷ ᠬᠢᠨᠠᠯᠲᠠ ᠲᠠᠯᠪᠢᠭᠰᠠᠨ ᠪᠣᠬᠢᠷᠲᠤᠯ ᠥᠬᠡᠶ ᠠᠭᠤᠷᠬᠠᠶ ᠶᠢᠨ | ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢᠶᠠᠷ ᠲᠦᠷᠦᠭᠦᠯᠡᠭᠦᠯᠦᠨ᠂ ᠬᠤᠯᠪᠣᠭᠳᠠᠯ ᠪᠥᠬᠦᠶ | ᠭᠤᠤᠯᠴᠢᠯᠠᠨ ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠭᠰᠡᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠲᠣᠳᠣᠷᠬᠠᠶ ᠪᠠᠶᠢᠭᠤᠯᠵᠤ᠂ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ ᠪᠠ | ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠣᠯᠠᠨ ᠵᠢᠯ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ | ᠠᠭᠤᠷᠬᠠᠶ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠴᠤᠪᠤᠷᠠᠯ ᠪᠠ ᠱᠠᠭᠠᠷᠳᠠᠯᠭ᠎ᠠ ᠳᠤ ᠤᠯᠠᠮ ᠨᠢᠭᠡ ᠠᠯᠬᠤᠮ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠬᠤᠯᠪᠣᠭᠠᠯᠠᠨ ᠬᠢᠨᠠᠨ ᠪᠠᠶᠢᠴᠠᠭᠠᠬᠤ ᠶᠢ ᠲᠣᠳᠣᠷᠬᠠᠶ | ᠲᠣᠭᠲᠠᠭᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠬᠡᠯᠪᠡᠷᠢ ᠪᠠᠷ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ | ᠭᠤᠷᠪᠠ ᠳᠤ᠂ ᠡᠯ᠎ᠡ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠭᠰᠠᠨ ᠤ ᠬᠠᠮᠲᠤ᠂ | ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ | ᠭᠦᠢᠴᠡᠳᠬᠡᠯ ᠲᠤᠭ᠎ᠠ ︾ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ | ᠮᠥᠴᠢᠷ ᠤᠳ ᠢ ᠲᠣᠳᠣᠷᠬᠠᠶᠢᠯᠠᠵᠤ᠂ ᠪᠣᠬᠢᠷᠲᠤᠯ ᠥᠬᠡᠶ ᠠᠭᠤᠷᠬᠠᠶ ᠶᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ | ᠦᠨᠡᠯᠡᠨ ᠵᠢᠱᠢᠬᠦ᠂ ᠬᠠᠷᠭᠤᠭᠤᠯᠤᠨ ᠪᠠᠶᠢᠴᠠᠭᠠᠬᠤ ᠪᠠ ᠡᠳᠦᠷ ᠲᠤᠲᠤᠮ ᠬᠥᠳᠡᠯᠦᠩᠭᠦᠶ ᠬᠢᠨᠠᠨ ᠬᠠᠮᠢᠶᠠᠷᠬᠤ ᠵᠡᠷᠭᠡ ᠡᠯ᠎ᠡ | ᠭᠤᠭᠴᠤᠭ᠎ᠠ ᠶᠢᠨ ᠠᠵᠢᠯ ᠳᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠳᠥᠷᠪᠡ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠰᠠᠭᠤᠷᠢᠨ ᠳᠡᠭᠡᠷ᠎ᠡ ᠪᠣᠬᠢᠷᠲᠤᠯ ᠥᠬᠡᠶ | ᠠᠭᠤᠷᠬᠠᠶ ᠳᠤ ᠬᠡᠷᠡᠭᠯᠡᠬᠦ ᠭᠠᠵᠠᠷ ᠠᠭᠤᠷᠬᠠᠶ ᠶᠢ ᠳᠡᠮᠵᠢᠬᠦ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠠᠯ᠎ᠠ ᠪᠠᠷ ᠬᠢ ᠨᠠᠶᠢᠳᠠᠪᠤᠷᠢᠵᠢᠭᠤᠯᠵᠤ ᠪᠣᠯᠬᠤ᠂ ᠪᠣᠳᠠᠲᠠᠶ ᠬᠡᠷᠡᠭᠵᠢᠭᠦᠯᠬᠦ ᠴᠢᠨᠠᠷ ᠢᠶᠠᠷ ᠴᠢᠩᠭ᠎ᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ | ᠲᠠᠪᠤ ᠳᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠳᠦᠨ ᠪᠠᠶᠢᠭᠤᠯᠬᠤ ᠶᠢ ᠥᠷᠨᠢᠭᠦᠯᠦᠭᠡᠳᠦᠶ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠵᠢᠭᠠᠨ | ᠵᠢᠯᠣᠭᠤᠳᠴᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠶᠢᠮᠠᠭ | ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠣᠨ ᠤ ᠰᠢᠯᠭᠠᠨ ᠬᠢᠨᠠᠵᠤ ᠦᠨᠡᠯᠡᠬᠦ | ᠲᠣᠭᠲᠠᠯᠴᠠᠭ᠎ᠠ ᠳᠤ ᠣᠷᠣᠭᠤᠯᠬᠤ ᠶᠢ ᠴᠢᠬᠤᠯᠠᠴᠢᠯᠠᠪᠠ᠃ | ᠵᠢᠷᠭᠤᠭ᠎ᠠ ᠳᠤ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠲᠡᠮᠳᠡᠭᠯᠡᠯ ᠤᠨ ᠬᠥᠳᠡᠯᠦᠩᠭᠦᠶ | ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠵᠡᠭᠦᠯᠲᠡ ᠬᠠᠳᠠᠬᠤ᠂ | ᠬᠤᠭᠤᠴᠠᠭ᠎ᠠ ᠲᠣᠭᠲᠠᠭᠠᠨ ᠴᠡᠭᠴᠡᠯᠡᠬᠦ᠂ ᠨᠡᠷᠡᠰ ᠤᠨ ᠵᠢᠭᠰᠠᠭᠠᠯᠲᠠ ᠠᠴᠠ ᠭᠠᠷᠭᠠᠬᠤ ︾ ᠪᠠᠶᠢᠳᠠᠯ ᠢ ᠨᠡᠮᠡᠪᠡ᠃ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ | ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢ ᠳᠣᠪᠤᠶᠢᠯᠭᠠᠵᠤ᠂ ᠬᠠᠶᠢᠷ ᠴᠢᠯᠠᠭᠤ ᠰᠢᠷᠣᠶ ᠶᠢᠨ ᠲᠥᠷᠥᠯ ᠤᠨ | ᠠᠭᠤᠷᠬᠠᠶ ᠳᠤ᠂ ᠲᠡᠭᠦᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠳᠣᠭᠢᠷᠠᠬᠤ ᠪᠣᠬᠢᠷᠲᠤᠯ ᠥᠬᠡᠶ ᠠᠭᠤᠷᠬᠠᠶ ᠶᠢ | ᠦᠨᠡᠯᠡᠬᠦ ᠭᠦᠢᠴᠡᠳᠬᠡᠯ ᠲᠤᠭ᠎ᠠ ᠲᠣᠭᠲᠠᠭᠠᠵᠤ᠂ ᠭᠦᠢᠴᠡᠳᠬᠡᠯ ᠲᠤᠭ᠎ᠠ ᠶᠢᠨ ᠬᠡᠷᠡᠭᠯᠡᠬᠦ ᠳᠤ ᠵᠣᠬᠢᠷᠠᠬᠤ ᠴᠢᠨᠠᠷ ᠪᠠ | ᠬᠡᠷᠡᠭᠵᠢᠭᠦᠯᠬᠦ᠋ᠢᠴᠡ ᠴᠢᠨᠠᠷ ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢᠴᠡᠳᠬᠡᠯ ᠲᠤᠭ᠎ᠠ ᠶᠢ ᠬᠢᠵᠠᠭᠠᠷᠯᠠᠬᠤ | ᠴᠢᠨᠠᠷᠲᠠᠶ ᠭᠦᠢᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠶ ᠭᠦᠢᠴᠡᠳᠬᠡᠯ ᠲᠤᠭ᠎ᠠ ᠪᠣᠯᠭᠠᠨ ᠳᠣᠭᠢᠷᠠᠭᠤᠯᠵᠤ᠂ | ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠪᠠ᠃ | ᠳᠥᠷᠪᠡ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ | ︽ᠮᠡᠳᠡᠭᠳᠡᠯ ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠨᠢ ᠲᠠᠪᠤᠨ ᠵᠢᠯ ᠪᠣᠯᠤᠨ᠎ᠠ᠂ ︽ᠮᠡᠳᠡᠭᠳᠡᠯ ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ | ᠳᠠᠷᠤᠮᠠᠯᠯᠠᠨ ᠲᠠᠷᠬᠠᠭᠠᠭᠰᠠᠨ ᠪᠤᠰᠤᠳ ᠪᠢᠴᠢᠭ ᠮᠠᠲ᠋ᠧᠷᠢᠶᠠᠯ ᠨᠢ ᠲᠣᠰ ︽ᠮᠡᠳᠡᠭᠳᠡᠯ ︾ ᠤᠨ ᠲᠣᠭᠲᠠᠭᠠᠯ ᠯᠤᠭ᠎ᠠ | ᠨᠢᠭᠡᠳᠦᠯ ᠥᠬᠡᠶ ᠪᠠᠶᠢᠪᠠᠯ᠂ ︽ᠮᠡᠳᠡᠭᠳᠡᠯ ︾ ᠶᠣᠰᠣᠭᠠᠷ ᠬᠡᠷᠡᠭᠵᠢᠭᠦᠯᠦᠨ᠎ᠡ᠃ | |