ᠲᠦᠴᠢᠦᠸᠠᠨ ᠰᠢᠶᠠᠨ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/4/30
   ᠰᠤᠷᠭᠠᠭᠤᠯᠢ ᠶᠢᠨ ᠪᠡᠶ᠎ᠡ ᠲᠠᠮᠢᠷ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠬᠦᠳᠦᠯᠦᠨ ᠵᠢᠯᠣᠭᠤᠳᠴᠤ᠂ ᠰᠤᠷᠤᠭᠴᠢᠳ ᠤᠨ ᠪᠡᠶ᠎ᠡ ᠮᠠᠬᠠᠪᠣᠳ ᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠥᠨᠳᠥᠷ ᠲᠦᠪᠰᠢᠨ ᠲᠠᠢ ᠲᠠᠮᠢᠷ ᠤᠨ ᠠᠩᠬᠢ ᠶᠢᠨ ᠪᠦᠳᠦᠭᠡᠨ ᠪᠠᠶᠢᠭᠤᠯᠤᠯᠲᠠ ᠪᠣᠯᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠯᠲᠡ ᠶᠢ ᠠᠬᠢᠭᠤᠯᠬᠤ ᠶᠢᠨ ᠲᠦᠯᠦᠭᠡ᠂ 4 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠲᠦᠴᠢᠦᠸᠠᠨ ᠰᠢᠶᠠᠨ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠦᠩᠭᠡᠨ ᠲᠠᠮᠢᠷ ᠤᠨ ᠴᠤᠭᠯᠠᠭᠠᠨ ᠢ ᠡᠷᠬᠢᠯᠡᠵᠦ᠂ ᠲᠤᠬᠠᠢ ᠶᠢᠨ ᠲᠠᠯᠠᠪᠠᠢ ᠳᠤ ᠨᠡᠶᠢᠳᠡ 2400 ᠪᠠᠭᠰᠢ ᠰᠤᠷᠤᠭᠴᠢ᠂ ᠭᠡᠷ ᠤᠨ ᠠᠬᠠᠮᠠᠳ ᠵᠢᠴᠢ ᠠᠵᠢᠯᠲᠠᠳ ᠠᠵᠢᠯᠯᠠᠭ᠎ᠠ ᠳᠤ ᠣᠷᠣᠯᠴᠠᠪᠠ᠃
   ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠠᠭᠠᠤ ᠳᠤ ᠲᠠᠮᠢᠷ ᠤᠨ ᠴᠤᠭᠯᠠᠭᠠᠨ ᠤ ᠬᠦᠰᠢᠭᠡ ᠶᠢ ᠨᠡᠭᠡᠭᠡᠪᠡ᠃ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠪᠦᠭᠦᠳᠡᠭᠡᠷ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠬᠢᠨᠠᠭᠴᠢ᠂ ᠲᠠᠮᠢᠷᠴᠢᠨ ᠤ ᠲᠥᠯᠥᠭᠡᠯᠡᠭᠴᠢ ᠲᠥᠪ ᠴᠢᠩᠭ᠎ᠠ ᠪᠠᠷ ᠲᠠᠩᠭᠠᠷᠢᠭᠯᠠᠵᠤ᠂ ︽ᠬᠠᠯᠠᠭᠤᠨ ᠰᠡᠳᠭᠢᠯᠭᠡ ᠪᠠᠷ ᠣᠷᠣᠯᠴᠠᠬᠤ᠂ ᠲᠦᠷᠢᠮ ᠢ ᠵᠢᠷᠤᠮᠯᠠᠬᠤ᠂ ᠬᠢᠨᠠᠭᠴᠢ ᠶᠢ ᠲᠠᠭᠠᠬᠤ᠂ ᠤᠷᠤᠯᠳᠤᠭᠠᠨ ᠳᠤ ᠬᠢᠷᠢ ᠪᠦᠲᠦᠮᠵᠢ ᠭᠠᠷᠭᠠᠬᠤ᠂ ᠤᠷᠤᠯᠳᠤᠭᠠᠨ ᠳᠤ ᠬᠢᠷᠢ ᠬᠡᠮᠵᠢᠶ᠎ᠡ ᠭᠠᠷᠭᠠᠬᠤ︾ ᠵᠣᠷᠢᠭ ᠢᠶᠠᠨ ᠢᠯᠡᠳᠬᠡᠵᠡᠶ᠃
   ︽ᠮᠢᠨᠦ ᠦᠵᠡᠬᠦ ᠪᠠᠷ᠂ ᠬᠢᠨᠠᠭᠴᠢ ᠪᠣᠯᠤᠭᠰᠠᠨ ᠤ ᠬᠤᠪᠢ ᠳᠤ ᠡᠩ ᠲᠡᠷᠢᠭᠦᠨ ᠳᠤ ᠶᠡᠭᠡ ᠬᠤᠷᠠᠯ ᠤᠨ ᠵᠢᠯᠣᠭᠤᠳᠣᠯᠭ᠎ᠠ ᠶᠢ ᠳᠠᠭᠠᠵᠤ᠂ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠂ ᠳᠠᠷᠠᠭ᠎ᠠ ᠨᠢ ᠮᠠᠨ ᠤ ᠤᠷᠤᠯᠳᠤᠭᠠᠨ ᠤ ᠳᠦᠷᠢᠮ ᠢ ᠬᠦᠨᠳᠦᠳᠬᠡᠬᠦ ᠬᠡᠷᠡᠭᠲᠡᠶ᠂ ᠪᠠᠰᠠ ᠲᠠᠮᠢᠷᠴᠢᠨ ᠨᠢᠭᠡᠪᠦᠷᠢ᠂ ᠤᠷᠤᠯᠳᠤᠭᠠᠨ ᠳᠤ ᠣᠷᠣᠯᠴᠠᠭᠰᠠᠳ ᠲᠤ ᠬᠠᠨᠳᠤᠬᠤ ᠳᠠᠭᠠᠨ ᠲᠡᠳᠡᠨ ᠢ ᠬᠦᠨᠳᠦᠳᠬᠡᠵᠦ᠂ ᠲᠡᠳᠡᠨ ᠢ ᠬᠠᠯᠠᠮᠵᠢᠯᠠᠵᠤ᠂ ᠲᠡᠳᠡᠨ ᠢ ᠬᠠᠶᠢᠷᠯᠠᠬᠤ ᠬᠡᠷᠡᠭᠲᠡᠶ᠂ ᠪᠢᠳᠡ ᠡᠷᠬᠡ ᠲᠡᠭᠰᠢ ᠲᠥᠪ ᠭᠤᠣᠯᠴᠢ ᠪᠠᠶᠢᠵᠤ᠂ ᠶᠡᠭᠡ ᠬᠤᠷᠠᠯ ᠤᠨ ᠡᠯ᠎ᠡ ᠵᠦᠢᠯ ᠤᠨ ᠤᠷᠤᠯᠳᠤᠭᠠᠨ ᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠲᠦᠴᠢᠦᠸᠠᠨ ᠰᠢᠶᠠᠨ ᠤ ᠪᠸᠢ ᠰᠢᠶᠠᠩ ᠪᠠᠭ᠎ᠠ ᠰᠤᠷᠭᠠᠭᠤᠯᠢ ᠶᠢᠨ ᠬᠢᠨᠠᠭᠴᠢ ᠸᠠᠩ ᠱᠦᠸᠠᠢ ᠬᠡᠯᠡᠪᠡ᠃
   ᠳᠠᠷᠠᠭ᠎ᠠ ᠨᠢ ᠲᠠᠮᠢᠷ ᠤᠨ ᠲᠠᠯᠠᠪᠠᠶ ᠳᠠᠬᠢ ᠡᠯ᠎ᠡ ᠵᠦᠢᠯ ᠤᠨ ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠵᠤ᠂ 100 ᠮᠧᠲᠷ᠂ 200 ᠮᠧᠲᠷ ᠤᠨ ᠣᠶᠢᠷ᠎ᠠ ᠭᠦᠶᠦᠯᠲᠡ᠂ ᠬᠤᠯᠠ ᠬᠠᠷᠠᠶᠢᠯᠲᠠ᠂ ᠥᠨᠳᠥᠷ ᠬᠠᠷᠠᠶᠢᠯᠲᠠ ᠵᠢᠴᠢ ᠰᠢᠷᠡᠮᠦᠨ ᠪᠥᠮᠪᠦᠭᠡ ᠰᠢᠳᠡᠬᠦ᠂ ᠵᠡᠭᠡᠷᠡᠩᠬᠡᠶ ᠰᠢᠳᠡᠬᠦ᠂ ᠵᠢᠳᠠ ᠰᠢᠳᠡᠬᠦ ᠵᠡᠷᠭᠡ ᠡᠯ᠎ᠡ ᠵᠦᠢᠯ ᠤᠨ ᠤᠷᠤᠯᠳᠤᠭᠠᠨ ᠡᠮᠬᠢ ᠴᠡᠭᠴᠡ ᠲᠠᠢ ᠶᠠᠪᠤᠭᠳᠠᠵᠠᠶ᠃ ᠤᠷᠤᠯᠳᠤᠭᠠᠨ ᠤ ᠪᠦᠬᠦ ᠶᠠᠪᠤᠴᠠ ᠨᠢ ᠬᠤᠷᠴᠠ ᠰᠢᠷᠦᠭᠦᠨ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠬᠤᠷᠳᠤᠴᠠ ᠪᠠ ᠬᠦᠴᠦᠨ ᠢᠶᠠᠨ ᠦᠵᠡᠯᠴᠡᠵᠦ᠂ ᠳᠤᠭᠤᠶᠢᠯᠠᠩ ᠤᠨ ᠬᠤᠭᠤᠷᠣᠨᠳᠣ ᠪᠠᠨ ᠬᠠᠮᠵᠢᠯᠴᠠᠵᠤ᠂ ᠪᠦᠯᠬᠦᠮᠳᠡᠨ ᠬᠠᠮᠵᠢᠯᠴᠠᠵᠤ᠂ ᠠᠩᠬᠢ ᠪᠦᠯᠬᠦᠮ ᠤᠨ ᠵᠣᠷᠢᠭ ᠰᠠᠨᠠᠭ᠎ᠠ ᠶᠢ ᠬᠠᠮᠲᠤᠪᠠᠷ ᠢᠯᠡᠷᠡᠭᠦᠯᠦᠭᠰᠡᠨ ᠪᠠᠶᠢᠨ᠎ᠠ᠃ ᠪᠡᠶ᠎ᠡ ᠶᠢᠨ ᠲᠠᠮᠢᠷ ᠤᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠦᠵᠡᠭᠴᠢᠳ ᠤᠨ ᠲᠠᠶᠢᠰᠠᠨ ᠤ ᠬᠥᠭᠵᠢᠭᠡᠨ ᠵᠣᠷᠢᠭᠵᠢᠭᠤᠯᠬᠤ ᠠᠩᠬᠢ ᠶᠢᠨ ᠬᠠᠰᠬᠢᠷᠬᠤ ᠲᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠨᠢᠯᠬᠠᠰᠠᠭ ᠢᠨᠢᠶᠡᠮᠰᠦᠭ ᠴᠢᠷᠠᠢ ᠨᠤᠭᠤᠳ ᠨᠢ ᠤᠳᠤ ᠦᠶ᠎ᠡ ᠶᠢᠨ ᠪᠠᠭᠠᠴᠤᠳ ᠤᠨ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠬᠤ ᠶᠢ ᠬᠠᠷᠠᠭᠤᠯᠤᠨ᠎ᠠ︕    ᠣᠶᠢᠷ᠎ᠠ ᠭᠦᠶᠦᠯᠲᠡ ᠶᠢᠨ ᠤᠷᠤᠯᠳᠤᠭᠠᠨ ᠳᠤ᠂ ᠲᠠᠮᠢᠷᠴᠢᠳ ᠬᠦᠴᠦᠯᠡᠨ ᠲᠡᠮᠡᠴᠡᠵᠦ᠂ ᠤᠷᠤᠯᠳᠤᠭᠠᠨ ᠤ ᠭᠠᠷᠮᠠᠭᠠᠶ ᠵᠣᠷᠢᠭ ᠰᠠᠨᠠᠭ᠎ᠠ ᠪᠠᠨ ᠢᠯᠡᠷᠡᠭᠦᠯᠦᠭᠰᠡᠨ ᠪᠠᠶᠢᠨ᠎ᠠ᠃ ᠲᠡᠳᠡ ᠴᠠᠭ ᠮᠥᠴᠡ ᠶᠢ ᠠᠯᠳᠠᠯ ᠦᠭᠡᠢ ᠲᠡᠮᠡᠴᠡᠵᠦ᠂ ᠪᠦᠬᠦ ᠬᠦᠴᠦᠨ ᠢᠶᠠᠷ ᠢᠶᠠᠨ ᠤᠷᠤᠯᠳᠤᠭᠠᠨ ᠤ ᠵᠠᠮ ᠳᠡᠭᠡᠷ᠎ᠡ ᠬᠥᠯᠥᠰᠥ ᠪᠠᠨ ᠤᠷᠤᠰᠬᠠᠵᠤ᠂ ᠦᠵᠡᠭᠴᠢᠳ ᠲᠤ ᠦᠵᠡᠰᠬᠦᠯᠡᠩᠲᠦ ᠰᠠᠶᠢᠬᠠᠨ ᠤᠷᠤᠯᠳᠤᠭᠠᠨ ᠢ ᠦᠵᠡᠭᠦᠯᠪᠡ᠃
   ︽ᠡᠨᠡ ᠤᠳᠠᠭ᠎ᠠ ᠶᠢᠨ ᠤᠷᠤᠯᠳᠤᠭᠠᠨ ᠳᠤ ᠪᠢ ᠰᠢᠶᠠᠨ ᠤ ᠤᠤᠯ ᠤᠨ ᠲᠡᠮᠳᠡᠭᠯᠡᠯ ᠢ ᠡᠪᠳᠡᠪᠡ᠂ ᠬᠢᠷᠢ ᠪᠦᠲᠦᠮᠵᠢ ᠲᠡᠮᠳᠡᠭᠯᠡᠯ ᠢ ᠳᠠᠪᠠᠭᠰᠠᠨ ᠢ ᠮᠡᠳᠡᠭᠡᠳ ᠪᠢ ᠮᠠᠰᠢ ᠰᠡᠳᠬᠢᠯ ᠳᠣᠭᠳᠣᠯᠤᠭᠰᠠᠨ ᠪᠥᠭᠡᠳ ᠰᠤᠷᠭᠠᠭᠤᠯᠢ ᠪᠠᠨ ᠲᠥᠯᠥᠭᠡᠯᠡᠨ ᠢᠷᠠᠭᠤ ᠠᠯᠳᠠᠷ ᠣᠯᠵᠤ᠂ ᠤᠷᠤᠯᠳᠤᠭᠠᠨ ᠤ ᠳᠤᠮᠳᠠ ᠥᠪᠡᠷ ᠢ ᠪᠠᠨ ᠳᠠᠪᠠᠭᠰᠠᠨ ᠳᠠᠭᠠᠨ ᠪᠢ ᠴᠦ ᠮᠠᠰᠢ ᠣᠮᠣᠭᠰᠢᠵᠤ ᠪᠠᠶᠢᠨ᠎ᠠ᠂ ᠵᠠᠯᠭᠠᠭᠠᠳ ᠪᠢ ᠨᠡᠩ ᠢᠯᠡᠭᠦᠦ ᠴᠢᠷᠮᠠᠶᠢᠨ ᠪᠣᠯᠪᠠᠰᠤᠷᠠᠵᠤ᠂ ᠨᠡᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ︾ ᠭᠡᠵᠦ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ  ᠤᠷᠤᠯᠴᠠᠭᠰᠠᠨ ᠲᠠᠮᠢᠷᠴᠢᠨ ᠭᠤᠤ ᠰᠢᠨ ᠶᠠᠩ ᠬᠡᠯᠡᠪᠡ᠃      ᠲᠤᠰ ᠤᠳᠠᠭᠠᠨ ᠤ ᠲᠠᠮᠢᠷ ᠤᠨ ᠴᠤᠭᠯᠠᠭᠠᠨ ᠳᠤ᠂ ᠪᠠᠭ᠎ᠠ ᠰᠤᠷᠭᠠᠭᠤᠯᠢ ᠶᠢᠨ ᠡᠮᠡᠭᠲᠡᠶ ᠶᠢᠨ 60 ᠮᠧᠲᠷ᠂ ᠪᠠᠭ᠎ᠠ ᠰᠤᠷᠭᠠᠭᠤᠯᠢ ᠶᠢᠨ ᠡᠮᠡᠭᠲᠡᠶ ᠶᠢᠨ 100 ᠮᠧᠲᠷ᠂ ᠪᠠᠭ᠎ᠠ ᠰᠤᠷᠭᠠᠭᠤᠯᠢ ᠶᠢᠨ ᠡᠮᠡᠭᠲᠡᠶ ᠶᠢᠨ 200 ᠮᠧᠲᠷ᠂ ᠪᠠᠭ᠎ᠠ ᠰᠤᠷᠭᠠᠭᠤᠯᠢ ᠶᠢᠨ ᠡᠮᠡᠭᠲᠡᠶ ᠶᠢᠨ ᠬᠤᠯᠠ ᠬᠠᠷᠠᠶᠢᠯᠲᠠ ᠶᠢᠨ ᠳᠥᠷᠪᠡᠨ ᠵᠦᠢᠯ ᠤᠨ ᠲᠠᠮᠢᠷ ᠤᠨ ᠬᠥᠳᠡᠯᠭᠡᠭᠡᠨ ᠨᠢ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠨᠳᠦ ᠬᠥᠩᠭᠡᠨ ᠲᠠᠮᠢᠷ ᠤᠨ ᠴᠤᠭᠯᠠᠭᠠᠨ ᠤ ᠲᠡᠮᠳᠡᠭᠯᠡᠯ ᠢ ᠡᠭᠦᠳᠪᠡ᠃
   ︽ᠪᠢ ᠰᠤᠷᠭᠠᠭᠤᠯᠢ ᠪᠠᠨ ᠲᠥᠯᠥᠭᠡᠯᠡᠨ ᠡᠨᠡ ᠤᠳᠠᠭᠠᠨ ᠤ ᠲᠠᠮᠢᠷ ᠤᠨ ᠴᠤᠭᠯᠠᠭᠠᠨ ᠳᠤ ᠣᠷᠣᠯᠴᠠᠬᠤ ᠪᠣᠯᠤᠭᠰᠠᠨ ᠳᠠᠭᠠᠨ ᠮᠠᠰᠢ ᠠᠵᠠᠲᠠᠶ ᠰᠠᠨᠠᠭᠳᠠᠵᠤ ᠪᠠᠶᠢᠨ᠎ᠠ᠂ ᠮᠢᠨᠦ ᠣᠷᠣᠯᠴᠠᠭᠰᠠᠨ ᠵᠦᠢᠯ ᠪᠣᠯ ᠬᠤᠯᠠ ᠬᠠᠷᠠᠶᠢᠯᠲᠠ ᠪᠠ 4 × 400 ᠮᠧᠲᠷ ᠤᠨ ᠤᠷᠤᠯᠳᠤᠭᠠᠨ ᠪᠣᠯᠤᠨ᠎ᠠ᠂ ᠡᠨᠡ ᠤᠳᠠᠭ᠎ᠠ ᠪᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ ᠤᠨ ᠬᠤᠯᠠ ᠬᠠᠷᠠᠶᠢᠯᠲᠠ ᠶᠢᠨ ᠤᠷᠤᠯᠳᠤᠭᠠᠨ ᠳᠤ ᠨᠢᠭᠡᠳᠦᠭᠡᠷ ᠲᠤ ᠣᠷᠣᠪᠠ᠂ ᠤᠷᠤᠯᠳᠤᠭᠠᠨ ᠢᠶᠠᠷ ᠳᠡᠮᠵᠢᠨ ᠪᠢ ᠪᠦᠯᠬᠦᠮᠳᠡᠨ ᠬᠠᠮᠲᠤᠷᠠᠯᠴᠠᠬᠤ ᠶᠢᠨ ᠴᠢᠬᠤᠯᠠ ᠴᠢᠨᠠᠷ ᠢ ᠣᠶᠢᠯᠠᠭᠠᠵᠤ ᠮᠡᠳᠡᠭᠰᠡᠨ ᠪᠥᠭᠡᠳ ᠪᠠᠰᠠ ᠳᠡᠶᠢᠯᠦᠭᠳᠡᠬᠦ ᠦᠭᠡᠢ ᠪᠠ ᠬᠡᠵᠢᠶᠡᠳᠡ ᠨᠤᠭᠤᠷᠠᠰᠢ ᠦᠭᠡᠢ ᠵᠣᠷᠢᠭ ᠰᠠᠨᠠᠭ᠎ᠠ ᠶᠢ ᠣᠶᠢᠯᠠᠭᠠᠵᠤ ᠮᠡᠳᠡᠯ᠎ᠡ᠂ ᠪᠢ ᠳᠠᠷᠠᠭ᠎ᠠ ᠵᠢᠯ ᠥᠪᠡᠷ ᠤᠨ ᠪᠡᠶ᠎ᠡ ᠳᠡᠭᠡᠨ ᠦᠷᠭᠦᠯᠵᠢᠯᠡᠨ ᠰᠢᠪᠲᠤᠯᠤᠯᠲᠠ ᠭᠠᠷᠭᠠᠶ᠎ᠠ ᠭᠡᠵᠦ ᠪᠤᠳᠤᠵᠤ ᠪᠠᠶᠢᠨ᠎ᠠ︾ ᠭᠡᠵᠦ ᠲᠦᠴᠢᠦᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠬᠤ ᠲᠠᠮᠢᠷᠴᠢᠨ ᠵᠢᠤᠢ ᠸᠧᠨ ᠪᠥᠸᠧ ᠬᠡᠯᠡᠪᠡ᠃
   ᠪᠡᠶ᠎ᠡ ᠶᠢᠨ ᠲᠠᠮᠢᠷ ᠤᠨ ᠴᠤᠭᠯᠠᠭᠠᠨ ᠤ ᠭᠤᠶᠢᠳᠠ ᠰᠠᠶᠢᠬᠠᠨ ᠢᠯᠡᠷᠡᠯ ᠨᠢ ᠠᠷᠤ ᠳᠤᠨᠢ ᠰᠢᠷᠭᠠᠭᠤ ᠠᠵᠢᠯᠯᠠᠵᠤ ᠦᠭᠡ ᠳᠠᠭᠤᠨ ᠦᠭᠡᠢ ᠪᠠᠷ ᠵᠢᠳᠬᠦᠳᠡᠭ ᠳᠠᠰᠬᠠᠯᠵᠢᠭᠤᠯᠤᠭᠴᠢ ᠪᠠ ᠠᠵᠢᠯᠲᠠᠳ ᠠᠴᠠ ᠰᠠᠯᠵᠤ ᠴᠢᠳᠠᠬᠤ ᠦᠭᠡᠢ ᠶᠤᠮ ᠂ ᠲᠡᠳᠡ ᠪᠣᠯ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠰᠢᠭᠡ ᠶᠢᠨ ᠠᠷᠤ ᠳᠠᠬᠢ ᠳᠡᠮᠵᠢᠭᠴᠢᠳ ᠮᠥᠨ᠂ ᠲᠡᠳᠡ ᠰᠤᠷᠤᠭᠴᠢᠳ ᠲᠤ ᠬᠢᠵᠠᠭᠠᠯᠠᠰᠢ ᠦᠭᠡᠢ ᠳᠡᠮᠵᠢᠯᠭᠡ ᠪᠠ ᠵᠣᠷᠢᠭᠵᠢᠭᠤᠯᠤᠯ ᠥᠭᠭᠦᠭᠰᠡᠨ ᠶᠤᠮ︕
   ︽ᠶᠠᠭᠤᠨ ᠤ ᠡᠮᠦᠨ᠎ᠡ ᠮᠢᠨᠦ ᠦᠵᠡᠬᠦ ᠪᠠᠷ ᠡᠨᠡ ᠤᠳᠠᠭᠠᠨ ᠤ ᠲᠠᠮᠢᠷ ᠤᠨ ᠴᠤᠭᠯᠠᠭᠠᠨ ᠨᠢ ᠲᠠᠮᠢᠷᠴᠢᠳ ᠲᠤ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠮᠡᠳᠡᠷᠡᠭᠦᠯᠵᠦ᠂ ᠣᠯᠠᠨ ᠢᠶᠠᠷ ᠢᠶᠠᠨ ᠪᠦᠯᠬᠦᠮᠳᠡᠨ ᠬᠠᠪᠰᠤᠷᠤᠯᠴᠠᠵᠤ ᠴᠢᠳᠠᠨ᠎ᠠ᠂ ᠬᠤᠶᠠᠷ ᠲᠤ ᠪᠤᠰᠤᠳ ᠠᠬ᠎ᠠ ᠳᠡᠭᠦᠦ ᠰᠤᠷᠭᠠᠭᠤᠯᠢ ᠨᠤᠭᠤᠳ ᠲᠠᠢ ᠢᠯᠡᠭᠦᠬᠡᠨ ᠰᠣᠯᠢᠯᠴᠠᠵᠤ᠂ ᠢᠯᠡᠭᠦᠬᠡᠨ ᠣᠶᠢᠯᠠᠭᠠᠯᠴᠠᠵᠤ᠂ ᠬᠠᠶᠢᠷ᠎ᠠ ᠰᠡᠳᠬᠢᠯᠭᠡ ᠪᠠᠨ ᠬᠠᠷᠢᠯᠴᠠᠨ ᠠᠬᠢᠭᠤᠯᠵᠤ ᠴᠢᠳᠠᠨ᠎ᠠ︾ ᠭᠡᠵᠦ ᠲᠦᠴᠢᠦᠸᠠᠨ ᠰᠢᠶᠠᠨ ᠤ ᠲᠠᠢ ᠾᠧ ᠰᠤᠷᠭᠠᠭᠤᠯᠢ ᠶᠢᠨ ᠰᠤᠷᠭᠠᠭᠴᠢ ᠰᠢᠨ ᠳ᠋ᠦᠩ ᠬᠡᠯᠡᠪᠡ᠃
   ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ ᠲᠠᠮᠢᠷ ᠤᠨ ᠴᠤᠭᠯᠠᠭᠠᠨ ᠴᠤ ᠥᠨᠳᠥᠷᠯᠡᠵᠦ᠂ 26 ᠳᠤᠮᠳᠠᠳᠤ ᠪᠠᠭ᠎ᠠ ᠰᠤᠷᠭᠠᠭᠤᠯᠢ ᠶᠢᠨ 27 ᠲᠥᠯᠥᠭᠡᠯᠡᠭᠴᠢᠳ ᠤᠨ ᠠᠩᠭᠢ᠂ 534 ᠲᠠᠮᠢᠷᠴᠢᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠂ ᠡᠭᠦᠨ ᠤ ᠳᠣᠲᠣᠷ᠎ᠠ 14 ᠲᠥᠯᠥᠭᠡᠯᠡᠭᠴᠢᠳ ᠤᠨ ᠠᠩᠭᠢ ᠨᠢ ᠬᠠᠮᠲᠤ ᠶᠢᠨ ᠢᠷᠠᠭᠤ ᠠᠯᠳᠠᠷ ᠢ ᠭᠥᠷᠳᠡᠵᠦ᠂ 11 ᠲᠥᠯᠥᠭᠡᠯᠡᠭᠴᠢᠳ ᠤᠨ ᠠᠩᠭᠢ ᠨᠢ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ ᠢ ᠭᠥᠷᠳᠡᠵᠦ᠂ ᠨᠡᠶᠢᠲᠡ 330 ᠰᠤᠷᠤᠭᠴᠢ ᠱᠠᠩᠨᠠᠯ ᠣᠯᠭᠤᠵᠤ᠂ 24 ᠰᠢᠯᠢᠳᠡᠭ ᠰᠤᠷᠭᠠᠭᠴᠢ᠂ ᠬᠢᠨᠠᠭᠴᠢ ᠰᠢᠯᠭᠠᠷᠠᠭᠤᠯᠵᠤ᠂ 8 ᠬᠥᠮᠦᠨ ᠨᠢ 4 ᠵᠦᠢᠯ ᠤᠨ ᠲᠠᠮᠢᠷ ᠤᠨ ᠬᠥᠳᠡᠯᠭᠡᠭᠡᠨ ᠤ ᠲᠡᠮᠳᠡᠭᠯᠡᠯ ᠢ ᠳᠠᠪᠠᠵᠠᠶ᠃
   ︽ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠰᠡᠨ ᠨᠢ ᠪᠠᠭᠰᠢ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠪᠠᠰᠠ ᠪᠦᠬᠦ ᠰᠢᠶᠠᠨ ᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠢ ᠣᠯᠭᠤᠭᠰᠠᠨ ᠶᠤᠮ︾ ᠭᠡᠵᠦ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠯᠸᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号