ᠬᠠᠩᠰᠢ ᠶᠢᠨ ᠡᠳᠦᠷ ᠪᠤᠯᠵᠦ ᠤᠯᠠᠮᠵᠢᠯᠠᠯᠲᠤ ᠤᠯᠠ ᠮᠦᠷ ᠢ ᠮᠥᠷᠳᠡᠨ᠎ᠡ
ᠨᠡᠶᠢᠲᠡᠯᠡᠭᠰᠡᠨ ᠴᠠᠭ᠄
2024/4/5
   ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯᠳᠤ ᠵᠤᠷᠢᠭ ᠰᠠᠨᠠᠭ᠎ᠠ ᠶᠢ ᠦᠷᠭᠦᠯᠵᠢᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ  ᠬᠢᠨ ᠰᠢᠯᠢᠳᠡᠭ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠰᠤᠷᠤᠭᠴᠢᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ ︽ᠬᠠᠩᠰᠢ ᠶᠢᠨ ᠡᠳᠦᠷ ᠪᠤᠯᠵᠦ ᠤᠯᠠᠮᠵᠢᠯᠠᠯᠲᠤ ᠤᠯᠠ ᠮᠦᠷ ᠢ ᠮᠦᠷᠳᠡᠬᠦ︾ ᠲᠣᠭᠤᠷᠢᠨ ᠳᠤ ᠭᠤᠣᠯ ᠰᠡᠳᠦᠪᠲᠦ ᠠᠩᠭᠢ ᠶᠢᠨ ᠬᠤᠷᠠᠯ ᠥᠷᠨᠢᠭᠦᠯᠵᠡᠢ᠃
   ᠬᠠᠩᠰᠢ ᠶᠢᠨ ᠡᠳᠦᠷ ᠪᠣᠯ ᠪᠠᠶᠢᠭᠠᠯᠢ ᠶᠢᠨ ᠴᠠᠭ ᠤᠯᠠᠷᠢᠯ ᠪᠣᠯᠬᠤ ᠮᠥᠷᠲᠡᠭᠡᠨ ᠪᠠᠰᠠ ᠤᠯᠠᠮᠵᠢᠯᠠᠯᠲᠤ ᠪᠠᠶᠠᠷ ᠤᠨ ᠡᠳᠦᠷ ᠪᠣᠯᠣᠨ᠎ᠠ᠃ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠬᠤᠶᠠᠳᠤᠭᠠᠷ ᠠᠩᠭᠢ ᠶᠢᠨ ᠬᠢᠴᠢᠶᠡᠯ ᠤᠨ ᠭᠡᠷ ᠲᠤ᠂ ᠪᠠᠭᠰᠢ ᠠᠴᠠ ᠬᠥᠮᠥᠰ ᠢ ᠪᠢᠰᠢᠷᠡᠭᠦᠯᠦᠮ᠎ᠡ ᠭᠡᠷᠡᠯ ᠵᠢᠷᠤᠭ᠂ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠦᠰᠦᠭ ᠪᠢᠴᠢᠭ ᠢᠶᠠᠷ ᠬᠠᠩᠰᠢ ᠶᠢᠨ ᠡᠳᠦᠷ ᠤᠨ ᠢᠷᠡᠯᠲᠡ᠂ ᠵᠠᠩ ᠳᠠᠳᠬᠠᠯ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷᠡᠯ ᠰᠠᠴᠤᠷᠠᠩᠭᠤᠢ ᠦᠢᠯᠡ ᠶᠠᠪᠤᠳᠠᠯ ᠵᠡᠷᠭᠡ ᠶᠢ ᠨᠠᠷᠢᠨ ᠲᠠᠶᠢᠯᠪᠤᠷᠢᠯᠠᠵᠤ᠂ ᠰᠤᠷᠤᠭᠴᠢᠳ ᠢ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠳᠠᠷᠠᠭ᠎ᠠ᠂ ᠪᠠᠭᠰᠢ ᠨᠠᠷ ᠪᠠᠰᠠ ᠬᠠᠮᠲᠤ ᠰᠤᠷᠤᠭᠴᠢᠳ ᠢᠶᠠᠨ ᠳᠠᠭᠠᠭᠤᠯᠤᠨ ᠭᠠᠷ ᠤᠷᠠᠯᠠᠯ ᠤᠨ ᠬᠤᠸᠠᠷ ᠴᠡᠴᠡᠭ ᠦᠢᠯᠡᠳᠴᠦ᠂ ᠤᠯᠠᠨ ᠢᠶᠠᠷ ᠢᠶᠠᠨ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠤᠯᠠᠨ ᠢᠶᠠᠷ ᠢᠶᠠᠨ ᠤᠳᠠᠭ᠎ᠠ ᠲᠠᠷᠠᠭ᠎ᠠ ᠪᠠᠷ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠦᠬᠦᠵᠦ ᠰᠡᠭᠡᠬᠦ ᠠᠴᠠ ᠠᠶᠤᠬᠤ ᠦᠭᠡᠢ᠂ ᠡᠷᠡᠯᠬᠡᠭᠯᠡᠨ ᠲᠡᠮᠡᠴᠡᠵᠦ᠂ ᠦᠬᠦᠬᠦ ᠠᠴᠠ ᠪᠢᠰᠢ ᠨᠤᠭᠤᠷᠠᠬᠤ ᠦᠭᠡᠢ ᠪᠠᠭᠠᠲᠤᠷᠯᠢᠭ ᠴᠤᠭ ᠰᠦᠯᠳᠡ ᠶᠢ ᠭᠦᠨᠵᠡᠭᠡᠢ ᠣᠶᠢᠯᠠᠭᠠᠵᠤ᠂ ᠥᠨᠥᠳᠥᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠭᠦᠨᠵᠡᠭᠡᠢ ᠣᠶᠢᠯᠠᠭᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠪᠢᠰᠢᠷᠡᠨ ᠬᠦᠨᠳᠦᠳᠬᠡᠬᠦ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠠᠢ᠃
   ︽ᠡᠨᠡ ᠬᠦ ᠭᠤᠣᠯ ᠰᠡᠳᠦᠪᠲᠦ ᠠᠩᠭᠢ ᠶᠢᠨ ᠬᠤᠷᠠᠯ ᠨᠢ ᠨᠠᠳᠠ ᠳᠤ ᠶᠡᠭᠡ ᠤᠯᠤᠯᠳᠠ ᠲᠠᠢ᠂ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠷᠢᠳᠢ ᠰᠢᠳᠢ ᠶᠢ ᠨᠠᠳᠠ ᠳᠤ ᠮᠡᠳᠡᠷᠡᠭᠦᠯᠪᠡ᠂ ᠪᠠᠭᠰᠢ ᠪᠠᠰᠠ ᠪᠢᠳᠡᠨ ᠢ ᠳᠠᠭᠠᠭᠤᠯᠤᠨ ᠭᠠᠷ ᠢᠶᠠᠷ ᠬᠠᠭᠤᠯᠤᠭᠰᠠᠨ ᠰᠣᠨᠢᠨ ᠪᠠ ᠵᠢᠵᠢᠭ ᠴᠠᠭᠠᠨ ᠴᠡᠴᠡᠭ ᠵᠣᠬᠢᠶᠠᠵᠤ᠂ ᠪᠢ ᠡᠨᠡ ᠬᠦ ᠴᠡᠴᠡᠭ ᠢ ᠨᠥᠭᠴᠢᠭᠰᠡᠨ ᠪᠠᠭᠠᠲᠤᠷᠴᠤᠳ ᠲᠠᠭᠠᠨ  ᠡᠷᠭᠦᠵᠦ᠂ ᠪᠢᠰᠢᠷᠡᠨ ᠬᠦᠨᠳᠦᠳᠬᠡᠵᠦ ᠪᠠᠶᠢᠭ᠎ᠠ ᠰᠡᠳᠬᠢᠯᠭᠡ ᠪᠠᠨ ᠢᠯᠡᠳᠬᠡᠨ᠎ᠡ︾ ᠭᠡᠵᠦ ᠰᠤᠷᠤᠭᠴᠢ ᠯᠢ ᠱᠠᠩ ᠴᠧᠨ ᠬᠡᠯᠡᠪᠡ᠃
   ᠲᠣᠰ ᠤᠳᠠᠭᠠᠨ ᠤ ᠭᠤᠣᠯ ᠰᠡᠳᠦᠪᠲᠦ ᠠᠩᠭᠢ ᠶᠢᠨ ᠬᠤᠷᠠᠯ ᠢᠶᠠᠷ ᠳᠡᠮᠵᠢᠨ᠂ ᠰᠤᠷᠤᠭᠴᠢᠳ ᠤᠯᠠᠮᠵᠢᠯᠠᠯᠲᠤ ᠰᠤᠷᠭᠠᠨ ᠬᠥᠮᠦᠵᠢᠯ ᠢ ᠭᠥᠷᠳᠡᠭᠰᠡᠨ ᠢᠶᠠᠷ ᠪᠠᠷᠠᠬᠤ ᠦᠭᠡᠢ᠂ ᠪᠠᠰᠠ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠴᠢᠩᠭᠠᠷᠠᠭᠤᠯᠵᠤ᠂ ᠠᠮᠢ ᠨᠠᠰᠤᠨ ᠤ ᠤᠳᠬ᠎ᠠ ᠠᠭᠤᠯᠭ᠎ᠠ ᠶᠢ ᠣᠶᠢᠯᠠᠭᠠᠨ᠂ ᠣᠲᠣ ᠶᠢᠨ ᠵᠣᠯ ᠵᠢᠷᠭᠠᠯᠲᠤ ᠠᠮᠢᠳᠤᠷᠠᠯ ᠤᠨ ᠬᠢᠯᠪᠠᠷ ᠪᠤᠰᠤ ᠪᠠᠷ ᠢᠷᠡᠭᠰᠡᠨ ᠢ ᠭᠦᠨᠵᠡᠭᠡᠢ ᠣᠶᠢᠯᠠᠭᠠᠵᠤ᠂ ᠰᠤᠷᠤᠭᠴᠢᠳ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃    ︽ᠬᠡᠦᠬᠡᠳ ᠤᠳ ᠲᠤ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠢ ᠭᠦᠨᠵᠡᠭᠡᠢ ᠣᠶᠢᠯᠠᠭᠠᠭᠤᠯᠬᠤ  ᠶᠢᠨ ᠲᠥᠯᠥᠭᠡ ᠪᠢᠳᠡ ᠬᠠᠩᠰᠢ ᠶᠢᠨ ᠡᠳᠦᠷ ᠢᠶᠠᠷ ᠭᠤᠣᠯ ᠰᠡᠳᠦᠪ ᠪᠣᠯᠭᠠᠭᠰᠠᠨ ᠠᠩᠭᠢ ᠶᠢᠨ ᠬᠤᠷᠠᠯ ᠬᠢᠵᠦ᠂ ᠬᠡᠦᠬᠡᠳ ᠤᠳ ᠢ ᠳᠠᠭᠠᠭᠤᠯᠤᠨ ᠬᠠᠩᠰᠢ ᠶᠢᠨ ᠡᠳᠦᠷ ᠤᠨ ᠢᠷᠡᠯᠲᠡ ᠪᠣᠯᠣᠨ ᠤᠯᠠᠮᠵᠢᠯᠠᠯᠲᠤ ᠵᠠᠩ ᠳᠠᠳᠬᠠᠯ ᠢ ᠣᠶᠢᠯᠠᠭᠠᠭᠰᠠᠨ ᠤ ᠳᠠᠷᠠᠭ᠎ᠠ᠂ ᠬᠡᠦᠬᠡᠳ ᠤᠳ ᠢ ᠪᠣᠯᠪᠠᠰᠤᠨ ᠰᠤᠷᠲᠠᠯ ᠢᠶᠠᠷ ᠤᠯᠠᠮᠵᠢᠯᠠᠯᠲᠤ ᠵᠠᠩ ᠳᠠᠳᠬᠠᠯ ᠢ ᠤᠯᠠᠮᠵᠢᠯᠠᠨ ᠵᠠᠯᠭᠠᠮᠵᠢᠯᠠᠵᠤ᠂ ᠪᠣᠯᠪᠠᠰᠤᠨ ᠦᠢᠯᠡ ᠠᠵᠢᠯᠯᠠᠭ᠎ᠠ ᠪᠠᠷ ᠨᠥᠭᠴᠢᠭᠰᠡᠳ ᠤᠨ ᠲᠤᠬᠠᠢ ᠬᠢᠵᠠᠭᠠᠯᠠᠰᠢ ᠦᠭᠡᠢ ᠭᠠᠰᠢᠭᠤᠳᠠᠯ ᠢᠶᠠᠨ ᠢᠯᠡᠳᠬᠡᠬᠦ ᠶᠢ ᠰᠠᠨᠠᠭᠠᠴᠢᠯᠠᠵᠠᠢ︾ ᠭᠡᠵᠦ ᠪᠠᠭᠰᠢ ᠯᠢ ᠶᠠᠨ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号