ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠢᠩᠲᠣᠣᠷ ᠪᠤᠯᠪᠠᠰᠤᠷᠠᠵᠦ ᠵᠠᠬ᠎ᠠ ᠳᠡᠯᠭᠡᠭᠦᠷ ᠲᠤ ᠭᠠᠷᠤᠯ᠎ᠠ
ᠨᠡᠶᠢᠲᠡᠯᠡᠭᠰᠡᠨ ᠴᠠᠭ᠄
2024/4/6
   ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠡᠬᠢᠯᠡᠪᠡ᠃ ᠠᠮᠠᠷᠠᠯᠲᠠ ᠶᠢᠨ ᠬᠤᠭᠤᠴᠠᠭᠠᠨ ᠳᠤ᠂ ᠠᠭᠠᠷ ᠤᠨ ᠳᠤᠯᠠᠭᠠᠨ ᠲᠣᠬᠢᠷᠠᠮᠵᠢᠲᠠᠢ ᠪᠠᠶᠢᠵᠤ᠂ ᠮᠠᠰᠢ ᠣᠯᠠᠨ ᠬᠥᠮᠥᠰ ᠭᠡᠷ ᠠᠴᠠ ᠪᠠᠨ ᠭᠠᠷᠴᠤ᠂ ᠬᠤᠲᠠ ᠠᠴᠠ ᠠᠶᠠᠷᠯᠠᠨ᠂ ᠬᠥᠳᠡᠭᠡ ᠲᠣᠰᠬᠤᠨ᠂ ᠠᠮᠢ ᠠᠬᠤᠢ ᠶᠢᠨ ᠬᠦᠷᠢᠶᠡᠯᠡᠩ ᠳᠤ ᠬᠦᠷᠴᠦ᠂ ᠲᠡᠭᠦᠵᠦ ᠰᠡᠯᠡᠭᠦᠴᠡᠨ᠂ ᠬᠥᠳᠡᠯᠮᠦᠷᠢ ᠰᠡᠯᠡᠭᠦᠴᠡᠯ ᠤᠨ ᠤᠶᠠᠯᠳᠤᠯ ᠤᠨ ᠬᠠᠪᠤ ᠴᠡᠩᠭᠡᠯ ᠢ ᠪᠡᠶ᠎ᠡ ᠪᠠᠷ ᠢᠶᠠᠨ ᠡᠳ᠋ᠯᠡᠨ᠎ᠡ᠃
   ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠨᠡᠷᠡᠨ ᠬᠡᠷᠡᠯ ᠤᠨ ᠲᠡᠭᠦᠬᠦ ᠬᠦᠷᠢᠶᠡᠯᠡᠩ ᠳᠤ ᠣᠷᠣᠬᠤ ᠳᠤ᠂ ᠰᠢᠨ᠎ᠡ ᠰᠣᠷᠭᠤᠭ ᠵᠢᠮᠢᠰ ᠤᠨ ᠦᠨᠦᠷ ᠬᠠᠮᠠᠷ ᠴᠣᠷᠭᠢᠵᠤ᠂ ᠪᠥᠭᠡᠮ ᠪᠥᠭᠡᠮ  ᠤᠯᠠᠭᠠᠨ ᠢᠩᠲᠣᠣᠷ ᠨᠢ ᠨᠣᠮᠢᠨ ᠨᠣᠭᠤᠭᠠᠨ ᠥᠩᠭᠡ ᠶᠢᠨ ᠳᠤᠮᠳᠠ ᠪᠦᠷᠬᠦᠭᠳᠡᠵᠦ᠂ ᠰᠤᠪᠤᠳ ᠮᠡᠲᠦ᠂ ᠮᠠᠨᠤ ᠮᠡᠲᠦ᠂ ᠭᠤᠸ᠎ᠠ ᠦᠵᠡᠰᠬᠦᠯᠡᠩ᠂ ᠬᠥᠮᠥᠨ ᠤ ᠰᠡᠳᠬᠢᠯ ᠢ ᠬᠥᠳᠡᠯᠭᠡᠮ᠎ᠡ ᠰᠠ᠊ ᠪᠠᠶᠢᠳᠠᠭ᠃
   ᠤᠶᠢᠷᠠᠳᠤᠵᠦ ᠦᠵᠡᠪᠡᠯ ᠢᠩᠲᠣᠣᠷ ᠤᠨ ᠥᠩᠭᠡ ᠨᠢ ᠭᠦᠨ ᠤᠯᠠᠭᠠᠨ ᠪᠤᠶᠤ ᠶᠠᠭᠠᠨ ᠤᠯᠠᠭᠠᠨ ᠦᠨᠦᠷᠲᠦᠵᠦ ᠦᠵᠡᠬᠦ ᠳᠤ ᠢᠩᠲᠣᠣᠷ ᠤᠨ ᠵᠢᠮᠢᠰ ᠤᠨ ᠦᠨᠦᠷ ᠬᠠᠮᠠᠷ ᠤᠨ ᠵᠠᠪᠰᠠᠷ ᠢᠶᠠᠷ ᠬᠠᠩᠬᠤᠯᠤᠨ᠎ᠠ᠂ ᠢᠳᠡᠬᠦ ᠳᠤ᠂ ᠰᠣᠷᠭᠤᠭ ᠵᠥᠭᠡᠯᠡᠨ ᠵᠤᠵᠠᠭᠠᠨ ᠵᠢᠮᠢᠰ ᠤᠨ ᠮᠢᠬ᠎ᠠ ᠨᠢ ᠤᠷᠤᠭᠤᠯ ᠰᠢᠳᠦᠨ ᠤ ᠵᠠᠪᠰᠠᠷ ᠲᠤ ᠬᠠᠭᠠᠷᠠᠭᠠᠳ᠂ ᠠᠮᠠ ᠳᠦᠭᠦᠷᠡᠩ ᠲᠠᠭᠠᠯᠠᠮᠵᠢᠲᠠᠢ ᠠᠮᠲᠠᠲᠠᠢ ᠪᠠᠶᠢᠳᠠᠭ᠃︽ᠣᠳᠣᠬᠠᠨ ᠳᠤ ᠵᠢᠮᠢᠰ ᠲᠡᠭᠦᠬᠦ ᠬᠦᠷᠢᠶᠡᠯᠡᠩ ᠤᠨ 1000 ᠭᠠᠷᠤᠢ ᠢᠩᠲᠣᠣᠷ ᠤᠨ ᠮᠣᠳᠣ ᠵᠠᠯᠭᠠᠭ᠎ᠠ ᠪᠠᠷ ᠪᠣᠯᠪᠠᠰᠤᠷᠠᠵᠤ ᠪᠠᠶᠢᠨ᠎ᠠ᠂ ᠣᠳᠣᠬᠠᠨ ᠳᠤ ᠡᠳᠦᠷ ᠪᠦᠷᠢ 20 ᡺ 30 ᠵᠤᠭᠠᠴᠠᠭᠰᠠᠳ ᠢ ᠬᠦᠯᠢᠶᠡᠨ ᠠᠪᠴᠤ ᠪᠠᠶᠢᠨ᠎ᠠ᠂ ᠣᠳᠣ ᠬᠤᠲᠠ ᠶᠢᠨ ᠲᠡᠭᠦᠷᠭᠡ ᠶᠢᠨ ᠠᠮᠠᠷᠠᠯᠲᠠ ᠠᠪᠬᠤ ᠬᠥᠮᠥᠰ ᠶᠠᠪᠤᠬᠤ ᠲᠤᠲᠤᠮ ᠣᠯᠠᠰᠢᠷᠠᠵᠤ ᠪᠠᠶᠢᠨ᠎ᠠ ᠂ ᠡᠳᠡᠭᠡᠷ ᠬᠥᠮᠥᠰ ᠴᠥᠮ ᠬᠡᠦᠬᠡᠳ ᠢᠶᠠᠨ ᠳᠠᠭᠠᠭᠤᠯᠤᠨ ᠢᠷᠡᠵᠦ ᠵᠢᠮᠢᠰ ᠲᠡᠭᠦᠵᠦ ᠪᠠᠶᠢᠨ᠎ᠠ᠂ ᠣᠳᠣᠬᠠᠨ ᠳᠤ ᠵᠢᠮᠢᠰ ᠲᠡᠭᠦᠬᠦ ᠦᠨ᠎ᠡ ᠨᠢ ᠵᠢᠩ ᠳᠡᠭᠡᠨ 100 ᠲᠥᠭᠦᠷᠢᠭ ᠬᠦᠷᠴᠦ ᠪᠠᠶᠢᠨ᠎ᠠ᠂ ᠡᠳᠦᠷ ᠲᠤ ᠪᠠᠷᠤᠭ 2000 ᠭᠠᠷᠤᠢ ᠲᠥᠭᠦᠷᠢᠭ  ᠤᠷᠤᠯᠭ᠎ᠠ ᠲᠠᠢ︾ ᠭᠡᠵᠦ ᠢᠩᠲᠣᠣᠷ ᠲᠡᠭᠦᠬᠦ ᠬᠦᠷᠢᠶᠡᠯᠡᠩ ᠤᠨ ᠬᠠᠷᠢᠭᠤᠴᠠᠯᠭᠠᠲᠠᠨ ᠸᠠᠩ ᠵᠢᠶᠦ᠋ᠨ ᠬᠡᠯᠡᠪᠡ᠃
   ᠲᠡᠭᠦᠬᠦ ᠪᠠᠷ ᠢᠷᠡᠭᠰᠡᠨ ᠵᠤᠭᠠᠴᠠᠭᠰᠠᠳ ᠵᠠᠯᠭᠠᠭ᠎ᠠ ᠵᠠᠯᠭᠠᠭ᠎ᠠ ᠪᠠᠷ ᠲᠡᠭᠦᠬᠦ ᠬᠦᠷᠢᠶᠡᠯᠡᠩ ᠳᠤ ᠣᠷᠣᠵᠤ᠂ ᠵᠠᠷᠢᠮ ᠨᠢ ᠰᠡᠭᠦᠳᠡᠷ ᠲᠠᠲᠠᠬᠤ ᠪᠠᠷ ᠶᠠᠭᠠᠷᠠᠵᠤ᠂ ᠵᠠᠷᠢᠮ ᠨᠢ ᠲᠡᠭᠦᠬᠦ ᠪᠠᠷ ᠶᠠᠭᠠᠷᠠᠵᠤ᠂ ᠵᠠᠷᠢᠮ ᠨᠢ ᠠᠮᠲᠠᠯᠠᠬᠤ ᠪᠠᠷ ᠶᠠᠭᠠᠷᠠᠯᠳᠤᠨ᠎ᠠ᠃ ᠬᠦᠯᠡᠮᠵᠢ ᠠᠴᠠ ᠪᠠᠶᠠᠷ ᠪᠠᠶᠠᠰᠬᠤᠯᠠᠩ ᠤᠨ ᠳᠠᠭᠤᠨ ᠪᠠᠶᠢᠨ ᠪᠠᠶᠢᠨ ᠰᠣᠨᠣᠰᠳᠠᠨ᠎ᠠ᠃ ᠣᠶᠢᠯᠠᠭᠠᠭᠰᠠᠨ ᠢᠶᠠᠷ᠂ ᠢᠩᠲᠣᠣᠷ ᠲᠡᠭᠦᠬᠦ ᠬᠦᠷᠢᠶᠡᠯᠡᠩ ᠳᠤ ᠳᠠᠷᠢᠭᠰᠠᠨ ᠢᠩᠲᠣᠣᠷ ᠨᠢ ᠰᠠᠮᠢᠲ᠂ ᠪᠠᠶᠢᠩᠭᠤ ᠲᠠᠩ ᠼᠦᠢ᠂ ᠰᠢᠶᠠᠨ ᠹᠧᠩ ᠵᠡᠷᠭᠡ ᠣᠯᠠᠨ ᠲᠥᠷᠥᠯ ᠵᠦᠢᠯ ᠪᠠᠶᠢᠳᠠᠭ᠂ ᠡᠳᠡᠭᠡᠷ ᠲᠥᠷᠥᠯ ᠵᠦᠢᠯ ᠨᠢ ᠰᠢᠭᠦᠰᠦ ᠪᠠᠷ ᠠᠷᠪᠢᠨ᠂ ᠬᠠᠯᠢᠰᠤ ᠪᠠᠷ ᠨᠢᠮᠭᠡᠨ᠂ ᠠᠮᠲᠠ ᠰᠠᠶᠢᠲᠠᠢ᠂ ᠵᠤᠭᠠᠴᠠᠭᠰᠠᠳ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ᠃
   ︽ᠠᠮᠠᠷᠠᠯᠲᠠ ᠶᠢᠨ ᠬᠤᠭᠤᠴᠠᠭᠠᠨ ᠶᠢ ᠠᠮᠵᠢᠨ ᠲᠡᠭᠦᠬᠦ ᠶᠢᠨ ᠬᠠᠪᠤ ᠴᠡᠩᠭᠡᠯ ᠢ ᠡᠳ᠋ᠯᠡᠵᠦ᠂ ᠲᠡᠭᠦᠬᠦ ᠬᠦᠷᠢᠶᠡᠯᠡᠩ ᠵᠡᠭᠡᠯᠢ ᠠᠴᠠ ᠳᠡᠮᠡᠢ ᠬᠤᠯᠠ ᠦᠭᠡᠢ᠂ ᠮᠢᠨᠤ ᠬᠤᠯᠠ ᠶᠠᠪᠤᠬᠤ ᠳᠤᠷ᠎ᠠ ᠦᠭᠡᠢ᠂ ᠲᠣᠭᠤᠷᠢᠬᠤ ᠬᠦᠰᠡᠯ ᠢ ᠬᠠᠩᠭᠠᠬᠤ ᠪᠠᠷ ᠪᠠᠷᠠᠬᠤ ᠦᠭᠡᠢ᠂ ᠡᠨᠡ ᠢᠩᠲᠣᠣᠷ ᠨᠢ ᠲᠣᠮᠣ ᠮᠥᠷᠲᠡᠭᠡᠨ ᠠᠮᠲᠠᠲᠠᠢ᠂ ᠰᠢᠭᠦᠰᠦ ᠨᠢ ᠪᠠᠰᠠ ᠭᠦᠢᠴᠡᠳ᠂ ᠪᠢ ᠮᠠᠰᠢ ᠪᠠᠶᠠᠷᠲᠠᠢ ᠢᠳᠡᠭᠡᠳ ᠲᠥᠷᠥᠯ ᠰᠠᠳᠤᠨ ᠨᠠᠶᠢᠵᠠ ᠨᠥᠬᠦᠳ ᠲᠡᠭᠡᠨ ᠢᠯᠡᠭᠦᠬᠡᠨ ᠠᠪᠠᠴᠢᠵᠤ ᠠᠮᠲᠠᠯᠠᠭᠤᠯᠬᠤ ᠪᠠᠷ ᠪᠡᠯᠡᠳᠬᠡᠵᠦ ᠪᠠᠶᠢᠨ᠎ᠠ︾ ᠭᠡᠵᠦ ᠵᠤᠭᠠᠴᠠᠭᠴᠢ ᠵᠠᠩ ᠬᠤᠩ ᠶᠠᠩ ᠬᠡᠯᠡᠪᠡ᠃
   ᠥᠩᠭᠡᠷᠡᠭᠰᠡᠨ ᠳᠤ᠂ ᠸᠠᠩ ᠵᠢᠶᠦ᠋ᠨ ᠪᠠᠷᠢᠯᠭ᠎ᠠ ᠶᠢᠨ ᠠᠵᠢᠯ ᠲᠥᠷᠥᠯ ᠤᠨ ᠠᠵᠢᠯ ᠢ ᠬᠢᠭᠰᠡᠭᠡᠷ ᠢᠷᠡᠭᠰᠡᠨ ᠪᠥᠭᠡᠳ ᠲᠦᠷᠦᠭᠦᠸ ᠬᠡᠳᠦᠨ ᠵᠢᠯ ᠳᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠪᠰᠢᠶᠠᠨ ᠡᠷᠢᠵᠦ ᠪᠠᠶᠢᠪᠠ᠂ 2018 ᠣᠨ ᠳᠤ ᠢᠩᠲᠣᠣᠷ ᠤᠨ ᠮᠣᠳᠣ ᠳᠠᠷᠢᠬᠤ ᠪᠤᠯᠪᠠᠰᠤᠷᠠᠯ ᠤᠨ ᠴᠤᠭᠯᠠᠭᠠᠨ ᠢᠶᠠᠷ ᠳᠡᠮᠵᠢᠨ᠂ ᠲᠥᠬᠦᠭᠡᠷᠦᠮᠵᠢ ᠶᠢᠨ ᠲᠠᠷᠢᠶᠠᠯᠠᠩ ᠳᠤ ᠪᠠᠭ᠋ᠠᠲᠠᠢ ᠲᠡᠷᠡ ᠢᠩᠲᠣᠣᠷ ᠤᠨ ᠳᠡᠭᠡᠳᠦ ᠲᠠᠰ ᠤᠨ ᠵᠠᠬ᠎ᠠ ᠳᠡᠯᠭᠡᠭᠦᠷ ᠲᠤ ᠠᠩᠬᠠᠷᠤᠯ ᠢᠶᠠᠨ ᠬᠠᠨᠳᠤᠭᠤᠯᠵᠠᠢ᠃ ᠤᠯᠠᠨ ᠲᠠᠯ᠎ᠠ ᠶᠢᠨ ᠪᠠᠶᠢᠴᠠᠭᠠᠨ ᠣᠶᠢᠯᠠᠭᠠᠭᠰᠠᠨ ᠢᠶᠠᠷ᠂ ᠲᠡᠷᠡ ᠳ᠋ᠠᠯᠢᠶᠠᠨ ᠤ ᠢᠩᠲᠣᠣᠷ ᠢ ᠲᠦᠴᠢᠦᠸᠠᠨ ᠳᠤ ᠣᠷᠣᠭᠤᠯᠪᠠ᠃ ᠢᠩᠲᠣᠣᠷ ᠪᠣᠯ ᠬᠤᠪᠣᠷ ᠴᠤᠬᠠᠭ ᠵᠢᠮᠢᠰ ᠪᠣᠯᠬᠤᠷ᠂ ᠢᠩᠲᠣᠣᠷ ᠤᠨ ᠮᠣᠳᠣ ᠲᠠᠷᠢᠬᠤ ᠳᠤ ᠠᠭᠠᠷ᠂ ᠬᠥᠷᠥᠰᠥᠨ ᠤ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠴᠢᠬᠤᠯᠠᠲᠠᠢ ᠪᠣᠯᠬᠤᠷ᠂ ᠸᠠᠩ ᠵᠢᠶᠦ᠋ᠨ ᠡᠨᠡ ᠲᠠᠯ᠎ᠠ ᠪᠠᠷ ᠪᠠᠭ᠎ᠠ ᠪᠤᠰᠤ ᠬᠦᠴᠦ ᠣᠷᠣᠭᠤᠯᠵᠤ᠂ ᠤᠯᠠᠨ ᠲᠠᠯ᠎ᠠ ᠪᠠᠷ ᠰᠢᠨᠵᠢᠯᠡᠨ ᠪᠠᠶᠢᠴᠠᠭᠠᠵᠤ ︽ᠨᠣᠮ ᠵᠠᠯᠠᠬᠤ︾ ᠪᠠᠷ ᠳᠠᠮᠵᠢᠨ ᠲᠠᠰᠤᠷᠠᠯᠲᠠ ᠦᠭᠡᠢ ᠰᠤᠷᠤᠯᠴᠠᠨ ᠰᠦᠪᠡᠭᠴᠢᠯᠡᠵᠦ᠂ ᠢᠩᠲᠣᠣᠷ ᠲᠠᠷᠢᠬᠤ ᠵᠠᠩᠭᠢᠯᠠᠭ᠎ᠠ ᠶᠢᠨ ᠮᠡᠷᠭᠡᠵᠢᠯ ᠢ ᠡᠵᠡᠮᠰᠢᠭᠰᠡᠨ ᠪᠠᠶᠢᠨ᠎ᠠ᠃ ᠡᠨᠡ ᠵᠢᠯ᠂ ᠬᠠᠩᠰᠢ ᠶᠢᠨ ᠠᠮᠠᠷᠠᠯᠲᠠ ᠠᠴᠠ ᠡᠮᠦᠨ᠎ᠡ᠂ ᠲᠡᠳᠡᠨ ᠤ ᠭᠡᠷ ᠤᠨ ᠢᠩᠲᠣᠣᠷ ᠵᠠᠬ᠎ᠠ ᠳᠡᠯᠭᠡᠭᠦᠷ ᠲᠤ ᠭᠠᠷᠴᠤ᠂ ᠲᠡᠭᠦᠬᠦ ᠪᠠᠷ ᠢᠷᠡᠭᠰᠡᠨ ᠵᠤᠭᠠᠴᠠᠭᠰᠠᠳ ᠲᠠᠰᠤᠷᠠᠭ᠎ᠠ ᠦᠭᠡᠢ ᠣᠯᠠᠰᠢᠷᠠᠵᠤ᠂ ᠲᠡᠭᠦᠬᠦ ᠬᠦᠷᠢᠶᠡᠯᠡᠩ ᠤᠨ ᠬᠥᠭᠵᠢᠯᠲᠡ ᠴᠦ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠯ᠎ᠠ᠃
   ︽ᠮᠠᠨ ᠤ ᠡᠨᠡᠬᠦ ᠢᠩᠲᠣᠣᠷ ᠤᠨ ᠬᠠᠮᠢᠶᠠᠷᠤᠯᠲᠠ ᠡᠵᠡᠮᠳᠡᠯ ᠨᠡᠯᠢᠶᠡᠳ ᠴᠢᠩᠭ᠎ᠠ ᠪᠠᠶᠢᠳᠠᠭ᠂ ᠴᠡᠴᠡᠭ ᠳᠡᠯᠭᠡᠷᠡᠬᠦ ᠠᠴᠠ ᠵᠢᠮᠢᠰ ᠰᠠᠭᠤᠬᠤ ᠬᠦᠷᠲᠡᠯ᠎ᠡ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠵᠦ ᠪᠣᠯᠬᠤ ᠦᠭᠡᠢ᠂ ᠡᠨᠡ  ᠨᠢ ᠵᠢᠮᠢᠰ ᠤᠨ ᠴᠢᠨᠠᠷ ᠴᠢᠨᠰᠠᠭ᠎ᠠ ᠪᠠ ᠠᠮᠲᠠ ᠶᠢ ᠨᠥᠯᠥᠭᠡᠯᠡᠬᠦ ᠪᠣᠯᠣᠨ᠎ᠠ᠂ ᠲᠠᠷᠠᠭᠠᠴᠢ ᠶᠢᠨ ᠠᠯᠬᠤᠮ ᠳᠤ ᠪᠢᠳᠡ ᠪᠠᠰᠠ ᠤᠰᠤ ᠪᠣᠷᠳᠣᠭᠤᠷ ᠤᠨ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠰᠢᠨ᠎ᠡ ᠡᠭᠦᠯᠳᠡᠷ ᠢ ᠵᠠᠯᠭᠠᠵᠤ᠂ ᠵᠢᠮᠢᠰ ᠢ ᠨᠠᠩ ᠡᠯᠪᠡᠭ ᠳᠡᠯᠪᠡᠭ ᠪᠣᠯᠭᠠᠵᠤ᠂ ᠲᠦᠴᠢᠦᠸᠠᠨ ᠤ ᠠᠷᠠᠳ ᠢᠷᠭᠡᠳ ᠤᠨ ︿ᠢᠩᠲᠣᠣᠷ ᠤᠨ ᠡᠷᠬᠡ ᠴᠢᠯᠦᠭᠡ﹀ ᠶᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠦ ᠢᠩᠲᠣᠣᠷ ᠲᠡᠭᠦᠬᠦ ᠬᠦᠷᠢᠶᠡᠯᠡᠩ ᠤᠨ ᠬᠠᠷᠢᠭᠤᠴᠠᠯᠭᠠᠲᠠᠨ ᠸᠠᠩ ᠵᠢᠶᠦ᠋ᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号