ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠪᠣᠯ ᠴᠥᠮ᠎ᠡ ᠶᠢᠨ ᠲᠠᠪᠠᠭᠲᠤ | ᠪᠠᠺᠲ᠋ᠧᠷᠢ ᠠᠴᠠ ᠡᠭᠦᠰᠦᠭᠰᠡᠨ᠂ ᠴᠠᠭᠠᠨ ᠨᠣᠭᠤᠭ᠎ᠠ ᠶᠢᠨ ᠡᠪᠡᠳᠴᠢᠨ ᠤ ᠬᠥᠨᠥᠭᠡᠯ ᠪᠣᠯᠣᠨ᠎ᠠ᠃ ᠡᠪᠡᠳᠴᠢᠨ ᠤ | ᠪᠠᠺᠲ᠋ᠧᠷᠢ ᠨᠢ ᠭᠤᠣᠯᠳᠠᠭᠤ ᠪᠠᠺᠲ᠋ᠧᠷᠢ ᠶᠢᠨ ᠴᠥᠮ᠎ᠡ ᠪᠠᠷ ᠬᠥᠷᠥᠰᠥᠨ ᠳᠤ ᠬᠤᠯᠢᠯᠳᠤᠬᠤ ᠪᠤᠶᠤ ᠦᠷ᠎ᠡ ᠲᠡᠭᠦᠬᠦ | ᠰᠠᠭᠤᠷᠢ ᠳᠡᠭᠡᠷ᠎ᠡ ᠨᠠᠭᠠᠯᠳᠤᠨ ᠦᠷ᠎ᠡ ᠶᠢᠨ ᠬᠤᠭᠤᠷᠣᠨᠳᠤ ᠢᠴᠡᠭᠡᠯᠡᠨ ᠡᠪᠦᠯ ᠵᠤᠨ ᠤ ᠤᠯᠠᠷᠢᠯ ᠢ ᠥᠩᠭᠡᠷᠡᠭᠡᠳᠡᠭ᠂ | ᠬᠠᠪᠤᠷ᠂ ᠨᠠᠮᠤᠷ ᠤᠨ ᠤᠯᠠᠷᠢᠯ ᠳᠤ ᠪᠣᠷᠣᠭᠠᠨ ᠠᠷᠪᠢᠨ᠂ ᠴᠢᠭᠢᠭᠯᠢᠭ᠂ ᠡᠪᠡᠳᠴᠢᠨ ᠤ ᠪᠠᠺᠲ᠋ᠧᠷᠢ ᠠᠭᠠᠷ ᠤᠨ | ᠤᠷᠤᠰᠬᠠᠯ ᠢᠶᠠᠷ ᠲᠠᠷᠬᠠᠵᠤ᠂ ᠥᠲᠡᠯᠦᠭᠰᠡᠨ ᠨᠠᠪᠴᠢᠨ ᠤ ᠢᠯᠲᠠᠰᠤᠨ ᠳᠤ ᠬᠠᠯᠳᠠᠪᠤᠷᠢᠯᠠᠨ ᠡᠪᠡᠳᠴᠢᠯᠡᠭᠦᠯᠳᠡᠭ᠂ | ᠰᠡᠭᠦᠯᠴᠢ ᠶᠢᠨ ᠦᠶ᠎ᠡ ᠳᠤ ᠡᠪᠡᠳᠴᠢᠯᠡᠭᠰᠡᠨ ᠭᠡᠰᠡᠭ ᠠᠴᠠ ᠪᠠᠺᠲ᠋ᠧᠷᠢ ᠶᠢᠨ ᠰᠢᠷᠬᠡᠭ ᠪᠠ ᠪᠠᠺᠲ᠋ᠧᠷᠢ ᠶᠢᠨ ᠴᠦᠮ᠎ᠡ | ᠤᠷᠭᠤᠵᠤ᠂ ᠲᠠᠷᠢᠶᠠᠨ ᠳᠤ ᠭᠤᠣᠯᠳᠠᠭᠤ ᠪᠠᠺᠲ᠋ᠧᠷᠢ ᠶᠢᠨ ᠰᠢᠷᠬᠡᠭ ᠨᠢ ᠡᠪᠡᠳᠴᠢᠨ ᠤ ᠡᠷᠡᠭᠦᠯ ᠰᠠᠭᠤᠷᠢ ᠪᠤᠶᠤ | ᠡᠪᠡᠳᠴᠢᠨ ᠤ ᠡᠷᠡᠭᠦᠯ ᠨᠡᠬᠡᠳᠡᠰᠦ ᠲᠠᠢ ᠬᠦᠷᠦᠯᠴᠡᠬᠦ ᠪᠠᠷ ᠳᠠᠮᠵᠢᠨ ᠳᠠᠬᠢᠨ ᠬᠠᠯᠳᠠᠪᠤᠷᠢᠯᠠᠨ ᠤᠷᠭᠤᠵᠤ᠂ | ᠥᠰᠦᠯᠲᠡ ᠶᠢᠨ ᠰᠡᠭᠦᠯᠴᠢ ᠶᠢᠨ ᠬᠤᠭᠤᠴᠠᠭᠠᠨ ᠳᠤ ᠪᠠᠺᠲ᠋ᠧᠷᠢ ᠶᠢᠨ ᠴᠦᠮ᠎ᠡ ᠪᠣᠯᠵᠤ ᠡᠪᠦᠯᠵᠢᠳᠡᠭ᠃ ᠪᠠᠺᠲ᠋ᠧᠷᠢ ᠶᠢᠨ | ᠴᠥᠮ᠎ᠡ ᠶᠢᠨ ᠡᠪᠡᠳᠴᠢᠨ ᠳᠤᠮᠳᠠᠳᠤ ᠤᠯᠤᠰ ᠤᠨ ᠡᠯ᠎ᠡ ᠭᠠᠵᠠᠷ ᠲᠤ ᠪᠦᠷ ᠡᠭᠦᠰᠴᠦ᠂ ᠡᠪᠡᠳᠴᠢᠯᠡᠬᠦ ᠨᠣᠷᠮ᠎ᠠ ᠨᠢ | 10-30% ᠳᠤ ᠬᠦᠷᠴᠦ᠂ ᠥᠨᠳᠥᠷ ᠨᠢ 80% ᠠᠴᠠ ᠳᠡᠭᠡᠭᠰᠢ ᠪᠠᠶᠢᠳᠠᠭ᠃ ᠴᠠᠭᠠᠨ ᠨᠣᠭᠤᠭ᠎ᠠ ᠶᠢᠨ | ᠪᠠᠺᠲ᠋ᠧᠷᠢ ᠶᠢᠨ ᠴᠥᠮ᠎ᠡ ᠶᠢᠨ ᠡᠪᠡᠳᠴᠢᠨ ᠤ ᠬᠥᠨᠥᠭᠡᠯ ᠳᠤ ᠤᠴᠠᠷᠠᠭᠰᠠᠨ ᠴᠠᠭᠠᠨ ᠨᠣᠭᠤᠭ᠎ᠠ ᠶᠢᠨ ᠭᠠᠷᠤᠯᠲᠠ ᠨᠢ | ᠶᠡᠷᠦ ᠳᠡᠭᠡᠨ 10% ᠠᠴᠠ ᠳᠡᠭᠡᠭᠰᠢ ᠬᠠᠰᠤᠭᠳᠠᠵᠤ᠂ ᠬᠦᠨᠳᠦ ᠨᠣᠴᠢᠲᠠᠢ ᠨᠢ 30% ᠠᠴᠠ 50% ᠳᠤ ᠬᠦᠷᠴᠦ᠂ | ᠴᠢᠨᠠᠭᠰᠢᠯᠠᠪᠠᠯ ᠭᠠᠷᠤᠯᠲᠠ ᠨᠢ ᠲᠠᠰᠤᠷᠠᠭᠠᠳ᠂ ᠴᠠᠭᠠᠨ ᠨᠣᠭᠤᠭ᠎ᠠ ᠶᠢᠨ ᠭᠠᠷᠤᠯᠲᠠ ᠪᠠ ᠶᠠᠰᠤ ᠴᠢᠨᠠᠷ ᠢ ᠬᠦᠨᠳᠦ | ᠨᠣᠴᠢᠲᠠᠢ ᠨᠦᠯᠦᠭᠡᠯᠡᠳᠡᠭ ᠪᠠᠶᠢᠨ᠎ᠠ᠃ | ᠨᠢᠭᠡ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠤ ᠪᠠᠶᠢᠳᠠᠯ | ᠬᠠᠯᠳᠠᠪᠤᠷᠢᠯᠠᠭᠰᠠᠨ ᠨᠢᠯᠬ᠎ᠠ ᠴᠢᠬᠢ ᠶᠢᠨ ᠣᠯᠠᠩᠬᠢ ᠨᠢ ᠭᠠᠵᠠᠷ ᠤᠨ ᠬᠦᠷᠦᠰᠦᠨ ᠠᠴᠠ ᠣᠶᠢᠷᠠᠯᠴᠠᠭ᠎ᠠ ᠪᠠᠶᠢᠭ᠎ᠠ | ᠡᠰᠢᠨ ᠤ ᠤᠭ ᠤᠨ ᠬᠡᠰᠡᠭ ᠲᠤ ᠥᠩᠭᠡ ᠨᠢ ᠬᠤᠪᠢᠷᠠᠵᠤ᠂ ᠤᠰᠤᠨ ᠳᠤ ᠳᠡᠪᠲᠦᠭᠰᠡᠨ ᠬᠡᠯᠪᠡᠷᠢ ᠪᠠᠷ ᠢᠯᠵᠢᠷᠡᠨ᠂ | ᠴᠣᠴᠢᠮᠠᠭ ᠣᠶᠢᠴᠢᠳᠠᠭ᠃ ᠣᠯᠠᠩᠬᠢ ᠨᠢ ᠡᠰᠢᠨ ᠤ ᠤᠭ᠂ ᠨᠠᠪᠴᠢᠨ ᠤ ᠪᠠᠷᠢᠭᠤᠯ ᠪᠤᠶᠤ ᠨᠠᠪᠴᠢᠨ ᠤ ᠢᠯᠲᠠᠰᠤ ᠳᠤ | ᠬᠤᠣᠷᠳᠠᠭᠳᠠᠵᠤ᠂ ᠤᠰᠤᠨ ᠳᠤ ᠳᠡᠪᠲᠦᠭᠰᠡᠨ ᠬᠡᠯᠪᠡᠷᠢ ᠶᠢᠨ ᠭᠦᠢᠬᠡᠨ ᠬᠦᠷᠡᠩ ᠥᠩᠭᠡᠲᠡᠢ ᠡᠪᠡᠳᠴᠢᠨ ᠤ ᠲᠣᠯᠪᠤ | ᠡᠭᠦᠰᠴᠦ᠂ ᠡᠮᠬᠢ ᠵᠢᠷᠤᠮ ᠦᠭᠡᠢ ᠬᠡᠯᠪᠡᠷᠢ ᠲᠠᠢ᠂ ᠢᠯᠡᠷᠬᠡᠢ ᠬᠥᠪᠡᠭᠡ ᠬᠢᠵᠠᠭᠠᠷ ᠦᠭᠡᠢ ᠪᠠᠶᠢᠳᠠᠭ᠃ ᠨᠦᠢᠲᠠᠨ | ᠴᠢᠭᠢᠭᠯᠢᠭ ᠣᠷᠴᠢᠨ ᠲᠣᠭᠤᠷᠢᠨ ᠳᠤ᠂ ᠡᠪᠡᠳᠴᠢᠨ ᠤ ᠲᠣᠯᠪᠤ ᠳᠡᠭᠡᠷ᠎ᠡ ᠨᠢ ᠴᠠᠭᠠᠨ ᠥᠩᠭᠡ ᠲᠠᠢ ᠬᠥᠪᠥᠩ ᠤᠨ | ᠤᠩᠭᠠᠷᠢᠯ ᠬᠡᠯᠪᠡᠷᠢᠲᠦ ᠮᠦᠬᠦ ᠶᠢᠨ ᠰᠢᠷᠬᠡᠭᠯᠢᠭ ᠪᠡᠶ᠎ᠡ ᠪᠠ ᠬᠠᠷ᠎ᠠ ᠥᠩᠭᠡ ᠲᠠᠢ ᠬᠤᠯᠤᠭᠠᠨ᠎ᠠ ᠶᠢᠨ ᠢᠯᠭᠠᠳᠠᠰᠤᠨ | ᠬᠡᠯᠪᠡᠷᠢᠲᠦ ᠮᠦᠬᠦ ᠶᠢᠨ ᠪᠥᠭᠡᠮ ᠤᠷᠭᠤᠵᠤ᠂ ᠦᠮᠡᠬᠡᠢ ᠦᠨᠦᠷ ᠦᠭᠡᠢ ᠪᠠᠶᠢᠳᠠᠭ᠃ ᠡᠨᠡ ᠡᠪᠡᠳᠴᠢᠨ ᠠᠮᠠᠷᠬᠠᠨ | ᠬᠠᠯᠳᠠᠪᠤᠷᠢᠯᠠᠨ ᠳᠡᠯᠭᠡᠷᠡᠨ᠎ᠡ᠃ | ᠬᠤᠶᠠᠷ᠂ ᠴᠠᠭᠠᠨ ᠨᠣᠭᠤᠭ᠎ᠠ ᠶᠢᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ ᠢ ᠰᠡᠷᠭᠡᠶᠢᠯᠡᠨ ᠵᠠᠰᠠᠬᠤ | ᠦᠷ᠎ᠡ ᠶᠢ ᠰᠢᠢᠳᠪᠦᠷᠢᠯᠡᠬᠦ᠃ ᠦᠷ᠎ᠡ ᠶᠢᠨ ᠳᠣᠲᠣᠷ᠎ᠠ ᠬᠤᠯᠢᠯᠳᠤᠵᠤ ᠪᠠᠶᠢᠭ᠎ᠠ ᠪᠠᠺᠲ᠋ᠧᠷᠢ ᠶᠢᠨ ᠴᠥᠮ᠎ᠡ ᠶᠢ | 10% ᠶᠢᠨ ᠳᠠᠪᠤᠰᠤ ᠲᠠᠢ ᠤᠰᠤ ᠪᠤᠶᠤ 20% ᠶᠢᠨ ᠬᠦᠬᠦᠷ ᠬᠦᠴᠢᠯ ᠤᠨ ᠠᠮᠮᠤᠨᠢ ᠶᠢᠨ ᠠᠭᠤᠰᠤᠮᠠᠯ ᠢᠶᠠᠷ | ᠤᠬᠢᠶᠠᠨ ᠴᠡᠪᠡᠷᠯᠡᠵᠦ᠂ ᠤᠰᠤᠨ ᠳᠤ ᠤᠬᠢᠶᠠᠭᠠᠳ ᠬᠠᠲᠠᠭᠠᠭᠰᠠᠨ ᠤ ᠳᠠᠷᠠᠭ᠎ᠠ ᠲᠠᠷᠢᠬᠤ ᠬᠡᠷᠡᠭᠲᠡᠢ᠃ | ᠲᠠᠷᠢᠶᠠᠯᠠᠩ ᠤᠨ ᠰᠡᠷᠭᠡᠶᠢᠯᠡᠨ ᠵᠠᠰᠠᠯᠲᠠ᠃ 2 ~ 3 ᠵᠢᠯ ᠡᠭᠡᠯᠵᠢᠯᠡᠨ ᠳᠠᠷᠢᠬᠤ ᠳᠤ ᠤᠰᠤ ᠬᠠᠭᠤᠷᠠᠢ ᠪᠠᠷ | ᠡᠭᠡᠯᠵᠢᠯᠡᠨ ᠳᠠᠷᠢᠪᠠᠯ ᠬᠠᠮᠤᠭ ᠰᠠᠶᠢᠨ᠃ ᠪᠣᠷᠳᠣᠭᠤᠷ ᠢ ᠵᠦᠢ ᠵᠣᠬᠢᠰᠲᠠᠢ ᠣᠷᠣᠭᠤᠯᠵᠤ᠂ ᠠᠽᠣᠲ ᠤᠨ ᠪᠣᠷᠳᠣᠭᠤᠷ ᠢ | ᠢᠯᠡᠭᠦᠦ ᠣᠷᠣᠭᠤᠯᠬᠤ ᠠᠴᠠ ᠵᠠᠶᠢᠯᠠᠰᠬᠢᠵᠦ᠂ ᠴᠠᠭ ᠲᠤᠬᠠᠢ ᠳᠤᠨᠢ ᠪᠣᠷᠳᠣᠭᠤᠷ ᠢ ᠨᠡᠮᠡᠬᠦ ᠬᠡᠷᠡᠭᠲᠡᠢ ︔ ᠪᠣᠷᠣᠭᠠᠨ ᠤ | ᠳᠠᠷᠠᠭ᠎ᠠ ᠴᠠᠭ ᠲᠤᠬᠠᠢ ᠳᠤᠨᠢ ᠭᠤᠤ ᠶᠢ ᠨᠢ ᠨᠡᠭᠡᠭᠡᠵᠦ ᠤᠰᠤ ᠵᠠᠯᠠᠵᠤ᠂ ᠡᠪᠡᠳᠴᠢᠨ ᠲᠠᠢ ᠰᠠᠭᠤᠷᠢ ᠶᠢ ᠨᠢ ᠣᠯᠵᠤ | ᠮᠡᠳᠡᠪᠡᠯ ᠴᠠᠭ ᠲᠤᠬᠠᠢ ᠳᠤᠨᠢ ᠠᠪᠴᠤ ᠬᠠᠶᠠᠭᠠᠳ ᠭᠦᠨ ᠪᠤᠯᠠᠬᠤ ᠬᠡᠷᠡᠭᠲᠡᠢ᠃ | ᠡᠮ ᠢᠶᠠᠷ ᠰᠡᠷᠭᠡᠶᠢᠯᠡᠨ ᠵᠠᠰᠠᠬᠤ᠃ ᠡᠪᠡᠳᠴᠢᠨ ᠡᠭᠦᠰᠬᠦ ᠡᠬᠢᠨ ᠤ ᠬᠤᠭᠤᠴᠠᠭᠠᠨ ᠳᠤ 50% ᠶᠢᠨ ᠳ᠋ᠦᠸᠧ | ᠵᠢᠶᠦ᠋ᠨ ᠯᠢᠩ ᠴᠢᠬᠢᠭ ᠲᠠᠢ ᠨᠤᠨᠳᠠᠭ ᠡᠮ ᠤᠨ 500 ᠳᠠᠬᠢᠨ ᠤ ᠰᠢᠩᠭᠡᠨ ᠢ ᠬᠡᠷᠡᠭᠯᠡᠬᠦ ᠪᠤᠶᠤ 20% ᠶᠢᠨ | ᠮᠧᠲ᠋ᠢᠯᠲᠦ ᠯᠢᠺᠦᠠ ᠹᠣᠰᠹᠣᠷ ᠤᠨ ᠴᠢᠳᠡᠮᠯᠢᠭ ᠲᠣᠰᠣ ᠶᠢᠨ 1200 ᠳᠠᠬᠢᠨ ᠤ ᠰᠢᠩᠭᠡᠨ ᠢ ᠬᠡᠷᠡᠭᠯᠡᠬᠦ ᠪᠤᠶᠤ | 40% ᠶᠢᠨ ᠮᠥᠭᠦᠲᠦ ᠴᠥᠮ᠎ᠡ ᠶᠢᠨ ᠴᠡᠪᠡᠷ ᠴᠢᠬᠢᠭ ᠲᠠᠢ ᠨᠤᠨᠳᠠᠭ ᠡᠮ ᠤᠨ 1000 ~1500 ᠳᠠᠬᠢᠨ ᠤ | ᠰᠢᠩᠭᠡᠨ ᠢ ᠡᠭᠡᠯᠵᠢᠯᠡᠨ 3 ~ 4 ᠤᠳᠠᠭ᠎ᠠ ᠰᠦᠷᠴᠢᠵᠦ᠂ 7~10 ᠡᠳᠦᠷ ᠠᠯᠤᠰᠯᠠᠬᠤ ᠪᠦᠷᠢ ᠨᠢᠭᠡ ᠤᠳᠠᠭ᠎ᠠ | ᠰᠦᠷᠴᠢᠵᠦ ᠣᠷᠤᠭᠤᠯᠬᠤ ᠬᠡᠷᠡᠭᠲᠡᠢ᠃ ᠴᠢᠬᠤᠯᠠ ᠲᠠᠢ ᠦᠶ᠎ᠡ ᠳᠤ ᠰᠦᠷᠴᠢᠨ ᠣᠷᠣᠭᠤᠯᠬᠤ᠂ ᠭᠤᠭᠤᠵᠢᠭᠤᠯᠤᠨ | ᠣᠷᠣᠭᠤᠯᠬᠤ ᠶᠢ ᠤᠶᠠᠯᠳᠤᠭᠤᠯᠵᠤ ᠪᠣᠯᠤᠨ᠎ᠠ᠃ |