ᠲᠦᠴᠢᠦᠸᠠᠨ ᠰᠢᠶᠠᠨ ᠤ 2024 ᠣᠨ ᠤ 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》 《 ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ 》 ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/5/1
 4 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ 2024 ᠣᠨ ᠤ 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》 《 ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ 》 ᠵᠢᠩᠬᠢᠨᠢ ᠪᠠᠷ ᠡᠬᠢᠯᠡᠪᠡ  ᠃ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠰᠢᠶᠠᠨ ᠤ ᠳᠣᠲᠣᠷᠠᠬᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ 1000 ᠭᠠᠷᠤᠢ ᠬᠥᠮᠦᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ  ᠃   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠶᠣᠰᠣᠯᠠᠯ ᠡᠬᠢᠯᠡᠭᠰᠡᠨ ᠢ ᠵᠠᠷᠯᠠᠪᠠ  ᠃   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠲᠤ᠂ ᠲᠦᠴᠢᠦᠸᠠᠨ ᠰᠢᠶᠠᠨ ᠤ 《 ᠤᠯᠠᠭᠠᠨ ᠠᠨᠠᠷ 》 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ᠂ 《 ᠤᠯᠠᠭᠠᠨ ᠠᠨᠠᠷ 》 ᠤᠨ ᠪᠢᠴᠢᠬᠠᠨ ᠮᠠᠵᠠ ᠶᠢᠨ ᠰᠤᠷᠤᠯᠴᠠᠯᠭ᠎ᠠ ᠶᠢᠨ ᠬᠦᠷᠢᠶ᠎ᠡ ᠶᠢ ᠬᠤᠪᠢᠶᠠᠷᠢᠯᠠᠨ ᠲᠠᠷᠬᠠᠭᠠᠭᠰᠠᠨ ᠯᠧᠺᠲ᠋ᠣᠷ ᠤᠳ ᠰᠢᠶᠤᠤ ᠮᠠ ᠵᠠ ᠶᠢ ᠬᠦᠷᠢᠶᠡᠯᠡᠨ ᠰᠠᠭᠤᠵᠤ ᠪᠠᠶᠢᠭ᠎ᠠ ᠺᠠᠳ᠋ᠷ ᠤᠯᠠᠨ ᠲᠦᠮᠡᠨ ᠳᠤ ᠤᠨᠤᠯ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠲᠠᠶᠢᠯᠪᠤᠷᠢᠯᠠᠵᠤ ᠥᠭᠪᠡ  ᠃ ᠡᠯ᠎ᠡ ᠦᠨᠳᠦᠰᠦᠲᠡᠨ ᠤ 100 ᠭᠠᠷᠤᠢ ᠵᠠᠯᠠᠭᠤᠴᠤᠳ ᠪᠠᠭᠠᠴᠤᠳ ᠠᠵᠢᠯᠯᠠᠭ᠎ᠠ ᠶᠢᠨ ᠠᠬᠤᠢ ᠲᠠᠯᠠᠪᠠᠢ  ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠲᠠᠶᠢᠯᠤᠮᠵᠢ ᠶᠢ ᠰᠣᠨᠣᠰᠪᠠ  ᠃ ᠪᠦᠬᠦ ᠰᠢᠶᠠᠨ ᠤ ᠡᠯ᠎ᠡ ᠭᠠᠵᠠᠷ ᠠᠴᠠ ᠢᠷᠡᠭᠰᠡᠨ ᠬᠡᠦᠬᠡᠳ ᠭᠡᠷ ᠤᠨ ᠠᠬᠠᠮᠠᠳ ᠤᠨ ᠢᠶᠠᠨ ᠪᠠᠷ᠎ᠠ ᠪᠤᠯᠤᠯᠭ᠎ᠠ ᠪᠠᠷ 《 ᠶᠡᠭᠡ ᠭᠠᠷ ᠢᠶᠠᠷ ᠪᠠᠭ᠎ᠠ ᠭᠠᠷ ᠢ ᠬᠥᠲᠥᠯᠵᠦ᠂ ᠪᠦᠯᠬᠦᠮᠳᠡᠯ ᠤᠨ ᠵᠠᠮ  ᠢᠶᠠᠷ ᠬᠠᠮᠲᠤ ᠪᠠᠷ ᠵᠠᠮᠨᠠᠬᠤ 》 ᠠᠵᠢᠯᠯᠠᠭ᠎ᠠ ᠥᠷᠨᠢᠭᠦᠯᠵᠦ᠂ 《 ᠭᠤᠯᠭᠤᠭᠤᠷ ᠱᠠᠳᠤ 》᠂ 《 ᠵᠢᠵᠢᠭ ᠭᠠᠯᠲᠤ ᠲᠡᠷᠭᠡᠨ ᠳᠤ ᠰᠠᠭᠤᠬᠤ 》 ᠶᠠᠪᠤᠴᠠ ᠳᠤᠮᠳᠠ ᠭᠦᠢᠴᠡᠳ ᠰᠣᠯᠢᠯᠴᠠᠨ ᠠᠭᠤᠰᠤᠯᠴᠠᠪᠠ  ᠃ ᠡᠭᠦᠨ ᠤ ᠬᠠᠮᠲᠤ᠂ ᠰᠢᠶᠠᠨ ᠤ ᠤᠯᠠᠭᠠᠨᠮᠥ᠋ᠴᠢᠷ ᠥᠷᠭᠡᠨ ᠣᠯᠠᠨ ᠺᠠᠳ᠋ᠷ ᠣᠯᠠᠨ ᠲᠦᠮᠡᠨ ᠳᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠠᠪᠴᠢᠷᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠩᠭᠤᠶ ᠬᠥᠭᠵᠢᠯᠲᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ  ᠃   ᠣᠶᠢᠯᠠᠭᠠᠭᠰᠠᠨ ᠢᠶᠠᠷ᠂ 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ 》᠂ 《 ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ 》 ᠤᠨ ᠬᠤᠭᠤᠴᠠᠭᠠᠨ ᠳᠤ᠂ ᠲᠦᠴᠢᠦᠸᠠᠨ ᠰᠢᠶᠠᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠬᠦ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ 《 8 + n 》 ᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ 《 ᠠᠷᠪᠠᠨ ᠵᠦᠶᠯ ᠤᠨ ᠠᠵᠢᠯᠯᠠᠭ᠎ᠠ 》 ᠶᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ 《 ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠰᠠᠷ᠎ᠠ 》᠂ 《 ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ 》 ᠤᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠮᠦᠽᠧᠶ ᠶᠢᠨ ᠲᠠᠯᠠᠪᠤᠷ ᠭᠠᠵᠠᠷ ᠤᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ  ᠃ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ  ᠶᠢᠨ ᠦᠨᠳᠦᠰᠦᠲᠡᠨ ᠳᠠᠬᠢ ᠮᠡᠳᠡᠷᠡᠮᠵᠢ ᠪᠠ ᠤᠮᠤᠬᠰᠢᠯᠳᠤ ᠰᠡᠳᠬᠢᠯᠭᠡ ᠶᠢ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠦᠴᠢᠦᠸᠠᠨ ᠤ ᠬᠦᠴᠦᠨ ᠴᠢᠳᠠᠯ ᠢᠶᠠᠨ ᠡᠷᠭᠦᠨ᠎ᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号