ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠠᠯᠠᠨ ᠨᠢᠭᠡᠳᠦᠭᠡᠷ ᠬᠤᠷᠠᠯ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ  ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/1
   4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠠᠯᠠᠨ ᠨᠢᠭᠡᠳᠦᠭᠡᠷ ᠬᠤᠷᠠᠯ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ  ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ 《 ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠮᠡᠳᠡᠭᠳᠡᠯ 》 ᠵᠢᠴᠢ ᠯᠢᠦ ᠶᠢᠨ ᠭᠦᠸᠧ᠂ ᠰᠦᠨ ᠱᠣᠤ ᠴᠧᠩ᠂ ᠯᠢᠦ ᠱᠤᠸᠠᠩ ᠨᠥᠬᠦᠷ ᠤᠨ ᠪᠥᠬᠦ ᠤᠯᠤᠰ᠂ ᠪᠥᠬᠦ ᠣᠷᠣᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ  ᠃     ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠳᠲᠡᠷ ᠲᠦᠷᠭᠡᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠮᠡᠳᠡᠭᠰᠡᠨ ᠳᠠᠷᠤᠶ ᠳᠠᠭᠠᠨ ᠴᠡᠭᠴᠡᠯᠡᠨ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠶᠯ ᠤᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ  ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ  ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠭᠠᠵᠠᠷ ᠣᠷᠣᠨ ᠳᠤ ᠰᠡᠷᠡᠮᠵᠢᠯᠡᠭᠦᠯᠬᠦ᠂ ᠨᠢᠭᠡ ᠭᠠᠵᠠᠷ ᠣᠷᠣᠨ ᠢ ᠵᠠᠰᠠᠬᠤ ᠶᠢ ᠦᠨᠡᠨ ᠬᠦ ᠪᠡᠶᠡᠯᠡᠭᠦᠯᠵᠦ᠂ ᠤᠯᠠᠨ ᠲᠦᠮᠡᠨ ᠳᠤ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠶᠠᠪᠤᠳᠠᠯ ᠳᠡᠷᠭᠡᠳᠡ ᠨᠢ ᠪᠠᠶᠢᠬᠤ᠂ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠬᠦ ᠬᠡᠷᠡᠭᠲᠡᠢ  ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ  ᠶᠢᠨ ᠳᠦᠷᠢᠮ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠦᠨᠡᠨ ᠬᠦ ᠦᠵᠡᠵᠦ᠂ ᠦᠨᠡᠨ ᠬᠦ ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠶᠠᠨ ᠤ ᠬᠡᠪᠴᠢᠶᠡᠨ ᠤ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ  ᠃    ᠬᠤᠷᠠᠯ ᠠᠴᠠ ᠪᠠᠰᠠ 《 ᠲᠦᠴᠢᠦᠸᠠᠨ ᠰᠢᠶᠠᠨ ᠤ 2024 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ 》᠂ 《 ᠲᠦᠴᠢᠦᠸᠠᠨ ᠰᠢᠶᠠᠨ ᠤ 2024 ᠣᠨ ᠤ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ 》 ᠵᠡᠷᠭᠡ ᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号