ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠬᠤᠷᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/1
     4 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ  ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠡᠪᠳᠡᠭᠰᠡᠨ ᠲᠥᠷᠥᠯ ᠵᠦᠶᠯ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠵᠠᠰᠠᠨ ᠰᠡᠷᠭᠦᠭᠡᠬᠦ᠂ 2024 ᠣᠨ ᠤ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠵᠡᠷᠭᠡ ᠵᠦᠶᠯᠡᠰ ᠢ ᠰᠤᠳᠤᠯᠵᠤ᠂ 《 ᠲᠦᠴᠢᠦᠸᠠᠨ ᠰᠢᠶᠠᠨ ᠤ ᠪᠥᠲᠥᠭᠡᠨ ᠪᠠᠶᠢᠭᠤᠯᠤᠯᠲᠠ ᠳᠤ ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠬᠥᠷᠥᠰᠥ ᠶᠢ ᠰᠠᠯᠭᠠᠨ ᠠᠰᠢᠭᠯᠠᠬᠤ ᠬᠠᠮᠢᠶᠠᠷᠤᠯᠲᠠ ᠶᠢᠨ ᠠᠷᠭ᠎ᠠ 》 ( ᠳᠣᠷᠣᠭᠰᠢ 《 ᠠᠷᠭ᠎ᠠ 》 ᠭᠡᠵᠦ ᠲᠣᠪᠴᠢᠯᠠᠨ᠎ᠠ ) ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2024 ᠣᠨ ᠤ ᠨᠢᠭᠡᠳᠦᠭᠡᠷ ᠤᠯᠠᠷᠢᠯ ᠤᠨ ᠶᠡᠭᠡ ᠲᠣᠭᠠᠨ ᠤ ᠪᠠᠯᠠ ᠮᠥᠩᠭᠦ ᠶᠢ ᠬᠡᠷᠡᠭᠯᠡᠭᠰᠡᠨ᠂ ᠳᠡᠭᠡᠭᠰᠢ ᠪᠠᠯᠠ ᠮᠥᠩᠭᠦ ᠣᠯᠤᠭᠰᠠᠨ ᠪᠠᠶᠢᠳᠠᠯ ᠢ ᠮᠡᠳᠡᠭᠳᠡᠬᠦ ᠶᠢᠨ ᠬᠠᠮᠲᠤ ᠠᠵᠤ ᠠᠬᠤᠶ ᠶᠢᠨ ᠪᠠᠶᠢᠳᠠᠯ᠂ ᠬᠤᠳᠠᠯᠳᠤᠭᠠᠴᠢᠨ ᠤᠷᠢᠵᠤ ᠪᠠᠯᠠ ᠮᠥᠩᠭᠦ ᠲᠠᠲᠠᠬᠤ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃   ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠠᠷ᠎ᠠ ᠬᠥᠷᠥᠰᠥ ᠶᠢ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠠᠷᠭ᠎ᠠ 》 ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠭᠠᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠰᠢᠯᠭᠠᠨ ᠠᠪᠬᠤ ᠵᠡᠷᠭᠡ ᠠᠵᠢᠯ ᠢ ᠰᠠᠶᠢᠲᠤᠷ ᠬᠢᠵᠦ᠂ ᠬᠠᠷ᠎ᠠ ᠬᠥᠷᠥᠰᠥᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠵᠤ᠂ ᠬᠠᠷ᠎ᠠ ᠬᠥᠷᠥᠰᠥ ᠶᠢ ᠬᠤᠯᠠᠭᠠᠶᠢᠯᠠᠨ ᠮᠠᠯᠲᠠᠬᠤ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠷ᠎ᠠ ᠬᠥᠷᠥᠰᠥᠲᠦ ᠭᠠᠵᠠᠷ ᠭᠡᠬᠦ ᠡᠨᠡ ᠬᠦ 《 ᠲᠠᠷᠢᠶᠠᠨ ᠭᠠᠵᠠᠷ ᠲᠠᠬᠢ ᠮᠠᠯᠤᠷ ᠥᠲᠡᠭᠡ 》 ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ  ᠃ ᠡᠪᠳᠡᠭᠳᠡᠭᠰᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠦᠳᠲᠡᠷ ᠲᠦᠷᠭᠡᠨ ᠬᠠᠷᠭᠤᠭᠤᠯᠤᠨ ᠪᠠᠶᠢᠴᠠᠭᠠᠵᠤ ᠵᠠᠰᠠᠨ ᠰᠡᠷᠭᠦᠭᠡᠵᠦ᠂ ᠪᠠᠷᠢᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠲᠥᠷᠥᠯ ᠵᠦᠶᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠶᠠᠰᠤ ᠴᠢᠨᠠᠷ ᠲᠤ ᠴᠢᠩᠭ᠎ᠠ ᠬᠢᠨᠠᠯᠲᠠ ᠲᠠᠯᠪᠢᠵᠤ᠂ ᠬᠠᠪᠤᠷ ᠤᠨ ᠲᠠᠷᠢᠶᠠᠯᠠᠭ᠎ᠠ ᠬᠠᠪᠤᠷ ᠤᠨ ᠤᠰᠤᠯᠠᠯᠲᠠ ᠶᠢᠨ ᠤᠷᠤᠭᠰᠢᠲᠠᠶ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ  ᠃ ᠠᠵᠤ ᠠᠬᠤᠶᠢᠯᠠᠯ ᠤᠨ ᠢᠳᠡᠪᠬᠢᠵᠢᠯ ᠢ ᠭᠦᠶᠴᠡᠳ ᠳᠠᠶᠢᠴᠢᠯᠠᠵᠤ᠂ ᠰᠡᠳᠬᠢᠴᠡ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠬᠠᠯᠠᠮᠰᠢᠯ ᠴᠡᠭ ᠤᠨ ᠤᠬᠠᠭᠠᠯᠠᠭ᠎ᠠ᠂ ᠠᠭᠤᠯᠭ᠎ᠠ ᠶᠢᠨ ᠪᠦᠷᠢᠯᠳᠦᠯ ᠢ ᠴᠢᠩᠭᠠᠳᠬᠠᠵᠤ᠂ ᠵᠢᠭᠤᠯᠴᠢᠯᠠᠯ ᠤᠨ ᠰᠢᠨ᠎ᠡ 《 ᠳᠡᠯᠪᠡᠷᠡᠯᠲᠡ ᠶᠢᠨ ᠴᠡᠭ 》 ᠢ ᠴᠣᠭᠴᠠᠯᠠᠵᠤ᠂ ᠵᠢᠭᠤᠯᠴᠢᠯᠠᠭᠰᠠᠳ ᠤᠨ 《 ᠥᠨᠳᠥᠷ ᠂ ᠰᠢᠨ᠎ᠡ᠂ ᠬᠠᠴᠢᠨ᠂ ᠣᠨᠴᠠᠭᠠᠶ 》 ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠲᠦᠴᠢᠦᠸᠠᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ  ᠃     ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠰᠢᠶᠠᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号