ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ︽ᠤᠮᠠᠷᠠᠲᠤ ᠬᠢᠯᠢ ᠵᠢᠷᠤᠭ ᠰᠡᠭᠦᠳᠡᠷ ᠲᠦᠴᠢᠤᠸᠠᠨ ᠬᠤᠳᠠ ᠶᠢᠨ ᠰᠠᠭᠤᠭᠳᠠᠯ︾ ᠭᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/1
   ᠤᠮᠠᠷᠠᠲᠤ ᠬᠢᠯᠢ ᠶᠢᠨ ᠭᠠᠵᠠᠷ ᠣᠷᠣᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠬᠥᠮᠦᠨ ᠨᠡᠶᠢᠭᠡᠮ ᠤᠨ ᠵᠠᠩ ᠵᠠᠩᠰᠢᠯ ᠪᠠ ᠨᠡᠶᠢᠭᠡᠮ ᠤᠨ ᠬᠤᠪᠢᠰᠤᠯᠲᠠ ᠶᠢ ᠳᠡᠯᠭᠡᠨ  ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢᠨ ᠲᠦᠯᠦᠭᠡ᠃ 4 ᠰᠠᠷ᠎ᠠ ᠶᠢᠨ 26 ᠤ ᠡᠳᠦᠷ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠢ ᠨᠢᠭᠲᠠ ᠤᠶᠠᠯᠳᠤᠭᠤᠯᠤᠨ᠂ ᠬᠤᠲᠠ ᠶᠢᠨ ᠭᠤᠤᠯ ᠴᠡᠴᠡᠷᠯᠢᠭ ᠲᠤ ︽ᠤᠮᠠᠷᠠᠲᠤ ᠬᠢᠯᠢ ᠵᠢᠷᠤᠭ ᠰᠡᠭᠦᠳᠡᠷ ᠲᠦᠴᠢᠤᠸᠠᠨ ᠬᠤᠳᠠ ᠶᠢᠨ ᠰᠠᠭᠤᠭᠳᠠᠯ︾ ᠶᠢᠨ ᠬᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠰᠡᠳᠦᠵᠦ ᠥᠷᠨᠢᠭᠦᠯᠪᠡ᠃
   ᠲᠤᠰ ᠠᠵᠢᠯᠯᠠᠭ᠎ᠠ ᠶᠢ ᠪᠡᠯᠡᠳᠬᠡᠭᠰᠡᠨ ᠠᠴᠠ ᠨᠠᠭᠠᠰᠢ᠂ ᠥᠷᠭᠡᠨ ᠣᠯᠠᠨ ᠰᠡᠭᠦᠳᠡᠷᠯᠡᠬᠦ ᠳᠤᠷᠠᠲᠠᠶ ᠬᠥᠮᠦᠰ ᠪᠣᠯᠤᠨ ᠲᠤᠰᠬᠠᠶ ᠰᠡᠭᠦᠳᠡᠷᠯᠡᠭᠴᠢᠳ ᠤᠨ ᠢᠳᠡᠪᠬᠢᠲᠡᠶ ᠬᠦᠷᠢᠶᠡᠯᠡᠯ ᠪᠠ ᠬᠠᠯᠠᠭᠤᠨ ᠰᠡᠳᠬᠢᠯᠭᠡ ᠲᠠᠢ ᠪᠠᠷ ᠣᠷᠣᠯᠴᠠᠭᠰᠠᠨ ᠪᠠᠶᠢᠨ᠎ᠠ᠃ ᠲᠡᠳᠡ ᠤᠮᠠᠷᠠᠲᠤ ᠬᠢᠯᠢ ᠶᠢᠨ ᠡᠯ᠎ᠡ ᠭᠠᠵᠠᠷ ᠲᠤ ᠭᠦᠨᠵᠡᠭᠡᠶᠢᠷᠡᠵᠦ᠂ ᠲᠤᠰ ᠭᠠᠵᠠᠷ ᠤᠨ ᠠᠭᠤᠯᠠ ᠤᠰᠤᠨ ᠤ ᠦᠵᠡᠮᠵᠢ᠂ ᠦᠨᠳᠦᠰᠦᠲᠡᠨ ᠤ ᠵᠠᠩ ᠠᠭᠠᠯᠢ ᠪᠣᠯᠤᠨ ᠨᠡᠶᠢᠭᠡᠮ ᠤᠨ ᠳᠠᠪᠰᠢᠯᠲᠠ ᠶᠢ ᠵᠢᠷᠤᠭᠯᠠᠪᠠ᠃ ᠡᠳᠡᠭᠡᠷ ᠪᠦᠲᠦᠭᠡᠯ ᠨᠢ ᠤᠮᠠᠷᠠᠲᠤ ᠬᠢᠯᠢ ᠶᠢᠨ ᠢᠷᠠᠭᠤ ᠰᠠᠶᠢᠬᠠᠨ ᠦᠵᠡᠮᠵᠢ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠨᠦᠭᠦᠳ ᠤᠨ ᠪᠦᠯᠬᠦᠮᠳᠡᠯ ᠡᠶ᠎ᠡ ᠵᠣᠬᠢᠴᠠᠩᠭᠤᠢ᠂ ᠬᠠᠮᠲᠤ ᠪᠠᠷ ᠬᠥᠭᠵᠢᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠪᠠᠶᠢᠨ᠎ᠠ᠃
   ᠭᠡᠷᠡᠯ ᠵᠢᠷᠤᠭ ᠤᠨ ᠦᠵᠡᠰᠬᠦᠯᠡᠩ ᠤᠨ ᠬᠤᠭᠤᠴᠠᠭᠠᠨ ᠳᠤ᠂ ᠦᠵᠡᠭᠴᠢᠳ ᠡᠳᠡᠭᠡᠷ ᠪᠦᠲᠦᠭᠡᠯ ᠢᠶᠠᠷ ᠳᠠᠮᠵᠢᠭᠤᠯᠤᠨ ᠤᠮᠠᠷᠠᠲᠤ ᠬᠢᠯᠢ ᠶᠢᠨ ᠢᠷᠠᠭᠤ ᠰᠠᠶᠢᠬᠠᠨ ᠥᠩᠭᠡ ᠦᠵᠡᠮᠵᠢ ᠪᠠ ᠰᠣᠶᠣᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠥᠪᠡᠷᠮᠢᠴᠡ ᠷᠢᠳᠢ ᠰᠢᠳᠢ ᠶᠢ ᠣᠶᠢᠯᠠᠭᠠᠵᠤ ᠪᠣᠯᠤᠨ᠎ᠠ᠃ ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠰᠡᠭᠦᠳᠡᠷᠯᠡᠬᠦ ᠪᠠᠭ᠋ᠠᠲᠠᠶ ᠬᠥᠮᠦᠰ ᠲᠤ ᠳᠡᠯᠭᠡᠨ ᠦᠵᠡᠭᠦᠯᠬᠦ ᠪᠠ ᠰᠣᠯᠢᠯᠴᠠᠬᠤ ᠲᠠᠪᠴᠠᠩ ᠬᠠᠩᠭᠠᠵᠤ᠂ ᠭᠡᠷᠡᠯ ᠵᠢᠷᠤᠭ ᠤᠨ ᠤᠷᠠᠯᠢᠭ ᠤᠨ ᠲᠦᠭᠡᠮᠡᠯᠵᠢᠯᠲᠡ ᠪᠠ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃    ᠡᠭᠦᠨ ᠠᠴᠠ ᠭᠠᠳᠠᠨ᠎ᠠ᠂ ︽ᠤᠮᠠᠷᠠᠲᠤ ᠬᠢᠯᠢ ᠵᠢᠷᠤᠭ ᠰᠡᠭᠦᠳᠡᠷ ᠲᠦᠴᠢᠤᠸᠠᠨ ᠬᠤᠳᠠ ᠶᠢᠨ ᠰᠠᠭᠤᠭᠳᠠᠯ︾ ᠬᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠨᠢ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠪᠠ ᠰᠣᠶᠣᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠣᠶᠣᠯ ᠤᠷᠠᠯᠢᠭ ᠤᠨ ᠰᠢᠨ᠎ᠡ ᠶᠢ ᠡᠭᠦᠳᠬᠦ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠲᠦᠴᠢᠦᠸᠠᠨ ᠰᠢᠶᠠᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠭᠠᠳᠠᠭᠠᠳᠤ ᠳᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号