ᠭᠡᠷ ᠤᠨ ᠡᠭᠦᠳᠡᠨ ᠳᠠᠬᠢ ︽ᠵᠣᠯ ᠵᠢᠷᠭᠠᠯ ᠤᠨ ᠥᠷᠲᠡᠭᠡ︾
ᠨᠡᠶᠢᠲᠡᠯᠡᠭᠰᠡᠨ ᠴᠠᠭ᠄
2024/5/10
   ᠨᠠᠰᠤᠲᠠᠨ ᠢ ᠬᠠᠶᠢᠷᠠᠯᠠᠨ ᠬᠠᠯᠠᠮᠵᠢᠯᠠᠵᠤ᠂ ᠰᠡᠳᠬᠢᠯ ᠢ ᠳᠤᠯᠠᠭᠠᠴᠠᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠴᠢᠬᠤᠯᠠ ᠠᠷᠠᠳ ᠤᠨ ᠠᠮᠢᠳᠤᠷᠠᠯ ᠤᠨ ᠦᠢᠯᠡᠰ ᠮᠥᠨ᠂ ᠪᠠᠰᠠ ᠴᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠨᠠᠰᠤᠵᠢᠯ ᠤᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠪᠠᠷ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠨᠠᠰᠤᠲᠠᠶᠢᠴᠤᠳ ᠤᠨ ᠬᠠᠶᠢᠷ᠎ᠠ ᠬᠠᠯᠠᠮᠵᠢ ᠶᠢ ᠭᠤᠣᠯᠳᠠᠯᠭ᠎ᠠ ᠲᠠᠢ ᠠᠵᠢᠯ ᠪᠣᠯᠭᠠᠨ ᠨᠠᠷᠢᠯᠢᠭ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ︽ᠨᠠᠰᠤᠵᠢᠯ ᠤᠨ ᠠᠰᠠᠷᠠᠮᠵᠢ︾ ᠶᠢ ︽ᠦᠳᠡᠯᠦᠭᠡ ᠨᠠᠰᠤᠨ ᠤ ᠵᠤᠯ ᠵᠢᠷᠭᠠᠯ︾ ᠪᠣᠯᠭᠠᠨ ᠬᠤᠪᠢᠷᠠᠭᠤᠯᠵᠤ᠂ ᠨᠠᠰᠤᠲᠠᠶᠢᠴᠤᠳ ᠲᠤ ᠭᠡᠷ ᠤᠨ ᠡᠭᠦᠳᠡᠨ ᠳᠤ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠪᠡ᠃    ᠡᠳᠦᠷ ᠪᠦᠷᠢ ᠶᠢᠨ ᠦᠳᠡ ᠶᠢᠨ ᠡᠮᠦᠨ᠎ᠡ᠂ ᠰᠢᠶᠠᠩ ᠶᠠᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡᠨ ᠤ ᠵᠣᠯ ᠵᠢᠷᠭᠠᠯᠲᠤ ᠬᠤᠭᠤᠯᠠᠨ ᠭᠡᠷ ᠤᠨ ᠲᠣᠭᠤᠭᠠᠨ ᠭᠡᠷ ᠲᠤ ᠶᠡᠷᠦ ᠨᠢ ᠶᠠᠭᠠᠷᠠᠯᠲᠠᠶ ᠪᠠᠶᠢᠵᠤ᠂ ᠨᠣᠭᠤᠭ᠎ᠠ ᠤᠬᠢᠶᠠᠬᠤ᠂ ᠨᠣᠭᠤᠭ᠎ᠠ ᠬᠡᠷᠴᠢᠬᠦ᠂ ᠨᠣᠭᠤᠭ᠎ᠠ ᠬᠠᠭᠤᠷᠤᠨ᠂ ᠠᠵᠢᠯᠲᠠᠳ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠳᠠᠭ᠃    ᠵᠤᠯ ᠵᠢᠷᠭᠠᠯᠳᠤ ᠬᠤᠭᠤᠯᠠᠨ ᠬᠡᠷ ᠤᠨ ᠠᠵᠢᠯᠲᠠᠨ ᠵᠠᠩ ᠬᠠᠶ ᠳ᠋ᠦᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠡᠳᠦᠷ ᠪᠦᠷᠢ ᠶᠢᠨ ᠦᠳᠡ ᠶᠢᠨ ᠡᠮᠦᠨ᠎ᠡ ᠶᠢᠨ ᠳᠣᠯᠤᠭᠠᠨ ᠴᠠᠭ ᠲᠤ ᠢᠷᠡᠵᠦ ᠨᠣᠭᠤᠭ᠎ᠠ ᠨᠠᠰᠤᠳᠠᠳ ᠤᠨ ᠢᠳᠡᠬᠦ ᠨᠤᠭᠤᠭ᠎ᠠ ᠪᠡᠯᠡᠳᠭᠡᠨ᠎ᠡ᠂ ᠡᠳᠦᠷ ᠪᠦᠷᠢ ᠶᠢᠨ ᠨᠤᠭᠤᠭ᠎ᠠ ᠨᠢ ᠴᠥᠮ ᠴᠠᠭ ᠲᠤ ᠨᠢ ᠬᠢᠵᠦ᠂ ᠢᠳᠡᠭᠡᠨ ᠤ ᠮᠠᠲ᠋ᠧᠷᠢᠶᠠᠯ ᠨᠢ ᠴᠥᠮ ᠰᠢᠨ᠎ᠡ ᠰᠣᠷᠭᠤᠭ᠂ ᠡᠳᠦᠷ ᠪᠦᠷᠢ ᠶᠢᠨ ᠨᠣᠭᠤᠭ᠎ᠠ ᠨᠢ ᠴᠦ ᠮᠥᠨ ᠠᠳᠠᠯᠢ ᠦᠭᠡᠢ ᠮᠥᠷᠲᠡᠭᠡᠨ ᠭᠠᠳᠠᠭᠰᠢ ᠭᠠᠷᠬᠤ ᠳᠤ ᠳᠥᠭᠦᠮ ᠦᠭᠡᠢ ᠨᠠᠰᠤᠲᠠᠶᠢᠴᠤᠳ ᠲᠤ ᠪᠢᠳᠡ ᠪᠠᠰᠠ ᠲᠡᠳᠡᠨ ᠳᠤ ᠬᠤᠭᠤᠯᠠ ᠬᠦᠷᠭᠡᠬᠦ ᠦᠢᠯᠡᠴᠢᠯᠡᠭᠡ ᠬᠠᠩᠭᠠᠵᠤ ᠪᠣᠯᠤᠨ᠎ᠠ︾ ᠭᠡᠵᠦ ᠬᠡᠯᠡᠪᠡ᠃    ᠨᠢᠭᠡ ᠴᠠᠭ ᠤᠨ ᠬᠠᠯᠠᠭᠤᠨ ᠬᠤᠭᠤᠯᠠ ᠨᠢ᠂ ᠨᠠᠰᠤᠲᠠᠢᠴᠤᠳ ᠲᠤ ᠵᠣᠯ ᠵᠢᠷᠭᠠᠯ ᠢᠶᠠᠷ ᠲᠦᠭᠦᠷᠡᠩ ᠰᠠᠨᠠᠭᠳᠠᠭᠤᠯᠤᠨ᠎ᠠ᠃ ᠦᠳᠡ ᠤᠶᠢᠷᠠᠳᠬᠤ ᠳᠤ᠂ ᠪᠤᠳᠠᠭ᠎ᠠ ᠨᠣᠭᠤᠭ᠎ᠠ ᠶᠢᠨ ᠰᠠᠶᠢᠬᠠᠨ ᠦᠨᠦᠷ ᠰᠢᠶᠠᠩ ᠶᠠᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢᠨ ᠨᠢᠭᠡᠳᠦᠭᠡᠷ ᠳᠠᠪᠬᠤᠷᠯᠢᠭ ᠤᠨ ᠵᠣᠯ ᠵᠢᠷᠭᠠᠯᠲᠤ ᠬᠤᠭᠤᠯᠠᠨ ᠭᠡᠷ ᠠᠴᠠ ᠰᠠᠩᠭᠢᠨᠡᠨ᠂ ᠨᠠᠰᠤᠲᠠᠶᠢᠴᠤᠳ ᠲᠡᠰ ᠳᠠᠷᠠᠭᠠᠯᠠᠨ ᠮᠥᠷᠯᠡᠨ ᠪᠤᠳᠠᠭ᠎ᠠ ᠠᠶᠠᠭᠠᠯᠠᠵᠦ᠂ ᠤᠤᠯ ᠤᠨ ᠬᠢ ᠲᠠᠢ ᠪᠠᠨ ᠠᠳᠠᠯᠢᠬᠠᠨ ᠢᠶᠠᠷ᠂ ᠭᠤᠷᠪᠠ ᠲᠠᠪᠤᠭᠤᠯᠠ ᠪᠠᠷ ᠬᠤᠭᠤᠯᠠᠨ ᠰᠢᠷᠡᠭᠡ ᠲᠣᠭᠤᠷᠢᠨ ᠰᠠᠭᠤᠵᠤ ᠵᠣᠭᠤᠭ ᠳᠡᠯᠭᠡᠵᠦ᠂ ᠠᠮᠲᠠᠲᠤ ᠰᠠᠶᠢᠬᠠᠨ ᠦᠳᠡ ᠶᠢᠨ ᠬᠤᠭᠤᠯᠠ ᠪᠠᠨ ᠢᠳᠡᠵᠦ᠂ ᠴᠢᠷᠠᠢ ᠳᠤᠨᠢ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ᠰᠠᠭᠤᠭᠠᠯᠢ ᠠᠷᠠᠳ ᠶᠠᠩ ᠹᠧᠩ ᡁᠢ᠄ ︽ᠡᠨᠡ ᠣᠷᠴᠢᠨ ᠲᠣᠭᠤᠷᠢᠨ ᠰᠠᠶᠢᠨ᠂ ᠦᠢᠯᠡᠴᠢᠯᠡᠬᠦ ᠣᠪᠣᠷ ᠨᠢ ᠴᠤ ᠰᠠᠶᠢᠨ᠂ ᠬᠢᠭᠰᠡᠨ ᠬᠤᠭᠤᠯᠠ ᠵᠠᠭᠤᠰᠢ ᠨᠢ ᠴᠤ ᠠᠮᠲᠠᠲᠠᠶ᠂ ᠡᠳᠦᠷ ᠪᠦᠷᠢ ᠶᠢᠨ ᠨᠤᠭᠤᠭ᠎ᠠ ᠨᠢ ᠲᠠᠪᠬᠤᠴᠠᠬᠤ ᠦᠭᠡᠢ᠂ ᠮᠠᠨ ᠤ ᠭᠡᠷ ᠡᠨᠡ ᠬᠠᠪᠢ ᠳᠤ ᠰᠠᠭᠤᠵᠤ᠂ ᠭᠤᠷᠪᠠᠨ ᠮᠢᠨᠦ᠋ᠲ ᠪᠤᠯ ᠠᠳᠡ ᠢᠷᠡᠨ᠎ᠡ᠂ ᠪᠢ ᠣᠳᠣ ᠡᠳᠦᠷ ᠪᠦᠷᠢ ᠠᠳᠡ ᠢᠷᠡᠵᠦ ᠬᠤᠭᠤᠯᠠ ᠢᠳᠡᠨ᠎ᠡ︾ ᠭᠡᠵᠦ ᠪᠠᠶᠠᠷᠳᠠᠢ ᠬᠡᠯᠡᠨ᠎ᠡ᠃    ᠰᠢᠶᠠᠩ ᠶᠠᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠣᠯ ︽ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ︾ ᠪᠠᠷ ᠭᠤᠣᠯ ᠤᠢᠢᠯᠠᠭᠠᠭᠳᠠᠬᠤᠨ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠪᠣᠯᠤᠨ᠎ᠠ᠂ ᠦᠷᠳᠡᠭᠡ ᠶᠢᠨ ᠳᠣᠲᠣᠷ᠎ᠠ ᠵᠣᠯ ᠵᠢᠷᠭᠠᠯᠲᠤ ᠬᠤᠭᠤᠯᠠᠨ ᠭᠡᠷ ᠲᠠᠢ ᠪᠠᠶᠢᠬᠤ ᠪᠠᠷ ᠪᠠᠷᠠᠬᠤ ᠦᠭᠡᠢ ᠪᠠᠰᠠ ᠡᠷᠡᠭᠦᠯᠵᠢᠯ ᠤᠨ ᠵᠠᠰᠠᠯ ᠤᠨ ᠲᠥᠪ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠰᠢᠳᠠᠷ᠎ᠠ ᠶᠢᠨ ᠲᠠᠰᠤᠭ ᠵᠡᠷᠭᠡ ᠠᠵᠢᠯᠯᠠᠭᠠᠨ ᠤ ᠣᠷᠣᠨ ᠵᠠᠢ ᠭᠠᠷᠭᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠭᠡᠷ ᠤᠨ ᠡᠭᠦᠳᠡᠨ ᠳᠠᠬᠢ ︽ᠵᠣᠯ ᠵᠢᠷᠭᠠᠯᠲᠤ ᠦᠷᠳᠡᠭᠡ︾ ᠭᠡᠵᠦ ᠳᠣᠲᠣᠨᠣᠰᠤᠭ ᠢᠶᠠᠷ ᠨᠡᠷᠡᠶᠢᠳᠴᠡᠢ᠃    ᠲᠦᠴᠢᠦᠸᠠᠨ ᠰᠢᠶᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠢᠶᠠᠩ ᠶᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠵᠠᠩ ᠭᠦᠸᠧ ᠹᠧᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠰᠢᠶᠠᠩ ᠶᠠᠩ ᠨᠡᠶᠢᠭᠡᠮ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 12625 ᠬᠥᠮᠦᠨ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 3000 ᠭᠠᠷᠤᠶ ᠬᠥᠮᠦᠨ᠂ ᠨᠠᠰᠤᠲᠠᠶᠢᠴᠤᠳ ᠣᠯᠠᠨ ᠪᠠᠶᠢᠳᠠᠯ ᠳᠤ ᠴᠢᠭᠯᠡᠭᠦᠯᠦᠨ 2023 ᠣᠨ ᠳᠤ ᠨᠡᠶᠢᠭᠡᠮ ᠲᠣᠭᠤᠷᠢᠭ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠡᠭᠦᠨ ᠤ ᠬᠠᠮᠲᠤ ᠭᠤᠷᠪᠠᠳᠠᠬᠢ ᠡᠲᠡᠭᠡᠳ ᠢ ᠣᠨᠴᠠᠭᠠᠶᠢᠯᠠᠨ ᠤᠷᠢᠵᠤ ᠬᠠᠮᠢᠶᠠᠷᠤᠭᠤᠯᠵᠦ᠂ ︽ᠵᠢᠷᠭᠤᠭ᠎ᠠ ᠶᠢ ᠲᠤᠰᠠᠯᠠᠬᠤ︾ ᠦᠢᠯᠡᠴᠢᠯᠡᠭᠡ ᠥᠷᠨᠢᠭᠦᠯᠵᠦ ᠨᠠᠰᠤᠲᠠᠶᠢᠴᠤᠳ ᠤᠨ ᠣᠯᠠᠨ ᠡᠰᠢᠵᠢᠭ᠍ᠰᠡᠨ ᠠᠮᠢᠳᠤᠷᠠᠯ ᠤᠨ ᠬᠡᠷᠡᠭᠴᠡᠭᠡ ᠶᠢ ᠬᠠᠩᠭᠠᠪᠠ︾ ᠭᠡᠪᠡ᠃    ᠣᠶᠢᠷ᠎ᠠ ᠶᠢᠨ ᠵᠢᠯ ᠤᠨ ᠲᠤᠷᠰᠢ᠂ ᠲᠦᠴᠢᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠰᠤᠳᠠᠢ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠤᠯᠠᠮ ᠠᠴᠠ ᠤᠯᠠᠮ ᠣᠯᠠᠨ ᠨᠠᠰᠤᠲᠠᠶᠢᠴᠤᠳ ᠲᠤ ︽ᠦᠳᠡᠰᠢ ᠶᠢᠨ ᠨᠡᠷᠡᠨ︾ ᠶᠢᠨ ᠰᠠᠶᠢᠬᠠᠨ ᠦᠵᠡᠮᠵᠢ ᠶᠢ ᠡᠳ᠋ᠯᠡᠭᠦᠯᠵᠦ᠂ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠪᠡ᠃    ︽ᠣᠳᠣᠬᠠᠨ ᠳᠤ᠂ ᠮᠠᠨ ᠤ ᠰᠢᠶᠠᠨ ᠨᠢᠭᠡᠨᠲᠡ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 5 ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 41 ᠪᠠᠶᠢᠭᠤᠯᠪᠠ᠃ ᠡᠨᠡ ᠵᠢᠯ ᠦᠷᠭᠦᠯᠵᠢᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠬᠦ᠂ ᠨᠠᠰᠤᠵᠢᠯ ᠤᠨ ᠠᠰᠠᠷᠠᠮᠵᠢ ᠶᠢᠨ ᠲᠤᠰᠠᠯᠠᠬᠤ ᠬᠤᠭᠤᠯᠠᠨ ᠴᠡᠭ ᠢ ᠨᠡᠮᠡᠵᠦ ᠪᠠᠶᠢᠭᠤᠯᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ᠂ ᠮᠠᠨ ᠤ ᠰᠢᠶᠠᠨ ᠤ ᠨᠠᠰᠤᠲᠠᠶᠢᠴᠤᠳ ᠲᠤ ᠦᠢᠯᠡᠴᠢᠯᠡᠬᠦ ᠵᠢᠴᠢ ᠳᠥᠭᠦᠮᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ︾ ᠭᠡᠵᠦ ᠲᠦᠴᠢᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠦ᠋ ᠸᠧᠨ ᠲᠢᠩ ᠬᠡᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号