| | ᠣᠶᠢᠷ᠎ᠠ ᠳᠤ᠂ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠨ᠎ᠠ᠃ | ᠬᠠᠷᠢᠨ ᠵᠠᠷᠢᠮ ᠮᠡᠬᠡᠯᠡᠭᠴᠢᠳ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠭᠠᠶᠢᠯᠢ ᠶᠢᠨ ᠮᠥᠩᠭᠦ ᠪᠤᠴᠠᠭᠠᠵᠤ ᠪᠠᠶᠢᠭ᠎ᠠ | ᠤᠴᠢᠷ ᠶᠠᠪᠤᠳᠠᠯ ᠢ ᠳᠠᠯᠢᠮᠳᠠᠭᠤᠯᠤᠨ ᠮᠡᠬᠡᠯᠡᠳᠡᠭ᠃ ᠡᠭᠦᠨ ᠳᠤ ᠦᠷᠭᠦᠯᠵᠢ ᠲᠣᠬᠢᠶᠠᠯᠳᠤᠳᠠᠭ ᠡᠶᠢᠮᠦᠷᠬᠦ ᠬᠡᠳᠦᠨ | ᠵᠦᠢᠯ ᠤᠨ ︽ᠤᠨᠠᠭᠤᠯᠢ ︾ ᠪᠠᠶᠢᠨ᠎ᠠ᠃ | ᠭᠠᠶᠢᠯᠢ ᠶᠢᠨ ᠮᠥᠩᠭᠦ ᠶᠢ ᠪᠤᠴᠠᠭᠠᠬᠤ ᠣᠬᠤᠷ ᠮᠡᠳᠡᠭᠡ ᠶᠢᠨ ᠬᠤᠯᠪᠣᠭᠠᠰᠤ ᠶᠢ ᠰᠢᠷᠪᠢᠬᠦ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠠᠨᠠᠭᠤᠯᠤᠮᠵᠢ᠄ 2023 ᠣᠨ ᠤ | ᠬᠤᠪᠢ ᠶᠢᠨ ᠤᠯᠵᠠᠪᠤᠷᠢ ᠶᠢᠨ ᠭᠠᠶᠢᠯᠢ ᠶᠢᠨ ᠬᠤᠷᠢᠶᠠᠩᠭᠤᠶᠢᠯᠠᠨ ᠪᠤᠳᠤᠬᠤ ᠮᠡᠳᠡᠭᠦᠯᠦᠯᠲᠡ ᠶᠢᠨ ᠠᠵᠢᠯ ᠡᠬᠢᠯᠡᠪᠡ᠃ | ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠢᠯᠡᠷᠡᠭᠦᠯᠦᠭᠰᠡᠨ ᠢᠶᠠᠷ᠂ ᠲᠠᠨ ᠳᠤ 10000 ᠲᠥᠭᠦᠷᠢᠭ ᠤᠨ | ᠭᠠᠶᠢᠯᠢ ᠶᠢᠨ ᠮᠥᠩᠭᠦ ᠪᠤᠴᠠᠭᠠᠨ᠎ᠠ᠂ ᠲᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠤᠬᠳᠠᠬᠰᠠᠨ | ᠰᠦᠯᠵᠢᠶᠡᠨ ᠳᠤ ᠭᠠᠷᠴᠤ ᠰᠠᠨᠠᠭᠤᠯᠤᠮᠵᠢ ᠶᠤᠰᠤᠭᠠᠷ ᠪᠤᠴᠠᠭᠠᠬᠰᠠᠨ ᠭᠠᠶᠢᠯᠢ ᠶᠢᠨ ᠮᠦᠩᠬᠦ ᠪᠠᠨ ᠠᠪᠤᠭᠠᠷᠠᠢ᠂ | ᠬᠤᠭᠤᠴᠠᠭ᠎ᠠ ᠠᠴᠠ ᠬᠡᠲᠦᠷᠡᠪᠡᠯ ᠭᠦᠢᠴᠡᠳᠬᠡᠵᠦ ᠥᠭᠬᠦ ᠦᠭᠡᠢ᠃ | ᠴᠠᠭᠳᠠᠭ᠎ᠠ ᠶᠢᠨ ᠰᠠᠨᠠᠭᠤᠯᠤᠮᠵᠢ᠄ ᠲᠠᠨᠢᠯ ᠪᠤᠰᠤ ᠰᠦᠯᠵᠢᠶᠡᠨ ᠤ ᠬᠤᠯᠪᠤᠭᠠᠰᠤ ᠶᠢ ᠰᠢᠷᠪᠢᠵᠦ ᠪᠣᠯᠬᠤ ᠥᠬᠡᠶ᠂ | ᠪᠤᠢ ᠪᠦᠬᠦᠢ ᠭᠠᠶᠢᠯᠢ ᠶᠢᠨ ᠮᠥᠩᠭᠦ ᠪᠤᠴᠠᠭᠠᠬᠤ ᠵᠦᠢᠯᠡᠰ ᠢ ᠰᠢᠭᠤᠳ ᠠᠯᠪᠠᠨ ᠤ ᠰᠦᠯᠵᠢᠶ᠎ᠡ ᠪᠤᠶᠤ APP ᠪᠠᠷ | ᠳᠠᠮᠵᠢᠭᠤᠯᠤᠨ ᠭᠦᠢᠴᠡᠳᠬᠡᠬᠦ ᠬᠡᠷᠡᠭᠳᠡᠢ᠃ | ᠲᠤᠰᠬᠠᠢ ᠮᠡᠷᠭᠡᠵᠢᠯ ᠤᠨ ᠠᠵᠢᠯᠲᠠᠨ ᠲᠠᠨ ᠳᠤ ᠬᠠᠪᠰᠤᠷᠤᠨ ᠢᠯᠡᠬᠦᠦ ᠭᠠᠶᠢᠯᠢ ᠪᠤᠴᠠᠭᠠᠵᠤ ᠦᠭᠬᠦ | ᠭᠠᠶᠢᠯᠢ ᠶᠢᠨ ᠮᠦᠩᠬᠦ ᠶᠢ ᠢᠯᠡᠭᠦᠬᠡᠨ ᠪᠤᠴᠠᠭᠠᠪᠠᠯ ᠰᠠᠶᠢᠨ ᠪᠢᠰᠢ ᠤᠤ︖ ᠴᠥᠭᠡᠨ ᠪᠤᠰᠤ ᠬᠥᠮᠦᠨ ᠰᠦᠯᠵᠢᠶᠡᠨ | ᠳᠡᠭᠡᠷᠡᠬᠢ ︽ᠲᠤᠰᠬᠠᠢ ᠮᠡᠷᠭᠡᠵᠢᠯ ᠤᠨ ᠭᠠᠶᠢᠯᠢ ᠪᠤᠴᠠᠭᠠᠬᠤ ︾ ᠶᠠᠪᠤᠳᠠᠯ ᠢ ᠢᠲᠡᠭᠡᠵᠦ ᠪᠠᠶᠢᠨ᠎ᠠ᠃ | ᠮᠡᠬᠡᠯᠡᠭᠴᠢ ᠠᠴᠠ ︽ᠬᠤᠪᠢ ᠶᠢᠨ ᠣᠯᠵᠠᠪᠤᠷᠢ ᠶᠢᠨ ᠭᠠᠶᠢᠯᠢ ᠶᠢᠨ APP ᠶᠢᠨ ᠲᠠᠩᠰᠠᠨ ᠤ ᠨᠢᠭᠤᠴᠠ ᠨᠣᠮᠧᠷ ᠪᠠ | ᠪᠠᠩᠬᠢ ᠶᠢᠨ ᠺᠠᠷᠲ ᠤᠨ ᠨᠣᠮᠧᠷ ᠢᠶᠠᠨ ᠬᠠᠩᠭᠠᠳᠠᠭ ᠯᠠ ᠶᠤᠮ ᠪᠣᠯ᠂ ᠪᠢᠳᠡ ᠲᠠᠨ ᠳᠤ ᠬᠠᠮᠵᠢᠨ ᠬᠤᠪᠢ ᠶᠢᠨ | ᠣᠯᠵᠠᠪᠤᠷᠢ ᠶᠢᠨ ᠭᠠᠶᠢᠯᠢ ᠶᠢ ᠬᠤᠷᠢᠶᠠᠩᠭᠤᠶᠢᠯᠠᠨ ᠪᠣᠳᠣᠵᠤ ᠭᠠᠶᠢᠯᠢ ᠶᠢᠨ ᠮᠥᠩᠭᠦ ᠪᠤᠴᠠᠭᠠᠵᠤ᠂ ᠭᠠᠶᠢᠯᠢ ᠪᠤᠴᠠᠭᠠᠵᠤ | ᠲᠠᠩᠰᠠᠨ ᠳᠤ ᠤᠷᠤᠬᠰᠠᠨ ᠵᠤᠭᠤᠰᠤᠨ ᠤ ᠬᠠᠷᠢᠴᠠᠯ ᠶᠤᠰᠤᠭᠠᠷ ᠦᠢᠯᠡᠴᠢᠯᠡᠬᠡᠨ ᠤ ᠰᠦᠢᠳᠬᠡᠯ ᠲᠤᠰᠢᠶᠠᠪᠠᠯ | ᠪᠣᠯᠴᠢᠬᠠᠨ᠎ᠠ᠂ ᠶᠠᠪᠤᠳᠠᠯ ᠪᠦᠲᠦᠬᠦ ᠦᠭᠡᠢ ᠪᠣᠯ ᠶᠠᠮᠠᠷᠴᠤ ᠵᠣᠭᠤᠰ ᠠᠪᠬᠤ ᠦᠭᠡᠢ ︾ ᠬᠡᠳᠡᠭ᠃ | ᠴᠠᠭᠳᠠᠭ᠎ᠠ ᠶᠢᠨ ᠰᠠᠨᠠᠭᠤᠯᠤᠮᠵᠢ᠄ ᠬᠤᠷᠢᠶᠠᠩᠭᠤᠶᠢᠯᠠᠨ ᠪᠤᠳᠤᠬᠤ ᠠᠵᠢᠯ ᠡᠬᠢᠯᠡᠬᠦ ᠠᠴᠠ ᠡᠮᠦᠨ᠎ᠡ᠂ ᠤᠷᠢᠳ ᠢᠶᠠᠷ | ︽ᠬᠤᠪᠢ ᠶᠢᠨ ᠤᠯᠵᠠᠪᠤᠷᠢ ᠶᠢᠨ ᠭᠠᠶᠢᠯᠢ ︾ ᠶᠢᠨ APP ᠳᠤ ᠭᠠᠷᠴᠤ᠂ ᠥᠪᠡᠷ ᠤᠨ ᠶᠡᠷᠦᠩᠬᠡᠶᠢᠯᠡᠭᠰᠡᠨ ᠠᠰᠢᠭ | ᠣᠷᠣᠯᠭ᠎ᠠ ᠪᠠ ᠭᠠᠶᠢᠯᠢ ᠲᠤᠰᠢᠶᠠᠭᠰᠠᠨ ᠪᠠᠶᠢᠳᠠᠯ ᠢᠶᠠᠨ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ ᠪᠥᠬᠦᠶ ᠮᠡᠳᠡᠭᠡ | ᠵᠠᠩᠭᠢ ᠪᠠᠨ ᠬᠠᠷᠭᠤᠭᠤᠯᠤᠨ ᠦᠵᠡᠵᠦ ᠭᠠᠶᠢᠯᠢ ᠲᠤᠰᠢᠶᠠᠬᠤ ᠳᠤ ᠪᠡᠯᠡᠳᠭᠡᠯ ᠬᠢᠵᠦ᠂ ᠰᠠᠨᠠᠭᠤᠯᠤᠮᠵᠢ ᠶᠣᠰᠣᠭᠠᠷ ᠬᠢᠬᠦ | ᠬᠡᠷᠡᠭᠳᠡᠢ᠃ ᠲᠠᠨᠢᠯ ᠪᠤᠰᠤ ᠬᠥᠮᠦᠨ ᠳᠤ ᠥᠪᠡᠷ ᠤᠨ ᠳᠠᠩᠰᠠᠨ ᠤ ᠨᠣᠮᠧᠷ ᠪᠠ ᠨᠢᠭᠤᠴᠠ ᠨᠣᠮᠧᠷ ᠢᠶᠠᠨ ᠬᠡᠯᠡᠵᠦ | ᠥᠭᠴᠦ ᠪᠣᠯᠬᠤ ᠦᠭᠡᠢ᠃ | ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠠᠵᠢᠯᠲᠠᠨ ᠢᠶᠠᠷ ᠣᠪᠯᠠᠨ ᠮᠡᠬᠡᠯᠡᠬᠦ | ᠵᠠᠷᠢᠮ ᠮᠡᠬᠡᠯᠡᠭᠴᠢ ︽ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ ᠤᠨ ᠠᠵᠢᠯᠲᠠᠨ ︾ ᠢᠶᠠᠷ | ᠤᠪᠯᠠᠨ᠂ ︽ᠲᠠ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠨᠡᠷᠡᠰ ᠲᠤ ᠵᠢᠭᠰᠠᠭᠠᠭᠳᠠᠪᠠ ︾ ᠭᠡᠵᠦ ᠤᠲᠠᠰᠤ | ᠠᠪᠬᠤ ᠪᠤᠶᠤ ᠣᠬᠤᠷ ᠮᠡᠳᠡᠭᠡ ᠶᠠᠪᠤᠭᠤᠯᠵᠦ᠂ ᠵᠣᠭᠤᠭᠳᠠᠬᠤ ᠵᠥᠭᠡᠯᠡᠨ ᠲᠣᠨᠤᠭ ᠢᠶᠠᠷ ᠳᠠᠮᠵᠢᠨ ᠬᠠᠭᠤᠷᠮᠠᠭ ᠮᠡᠳᠡᠭᠳᠡᠯ | ᠂ ᠮᠠᠲ᠋ᠧᠷᠢᠶᠠᠯ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠨ ᠤ ᠢᠲᠡᠭᠡᠯ ᠢ ᠣᠯᠵᠤ᠂ ᠳᠠᠷᠠᠭ᠎ᠠ ᠨᠢ ᠲᠠᠨ ᠢ ᠵᠣᠭᠤᠰ | ᠭᠤᠪᠢᠭᠤᠯᠬᠤ ᠶᠢ ᠱᠠᠭᠠᠷᠳᠠᠵᠤ᠂ ᠵᠤᠭᠤᠰ ᠮᠦᠩᠬᠦ ᠮᠡᠬᠡᠯᠡᠨ ᠠᠪᠬᠤ ᠵᠣᠷᠢᠯᠭ᠎ᠠ ᠳᠠᠭᠠᠨ ᠬᠦᠷᠳᠡᠭ᠃ | ᠴᠠᠭᠳᠠᠭ᠎ᠠ ᠶᠢᠨ ᠰᠠᠨᠠᠭᠤᠯᠤᠮᠵᠢ᠄ ᠬᠡᠷᠪᠡ ᠭᠠᠶᠢᠯᠢ ᠶᠢᠨ ᠶᠠᠪᠤᠳᠠᠯ ᠤᠨ ᠪᠠᠶᠢᠴᠠᠭᠠᠬᠤ ᠰᠠᠯᠠᠭ᠎ᠠ ᠮᠥᠴᠢᠷ | ᠳᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠥᠷᠨᠢᠭᠦᠯᠬᠦ ᠳᠤ ᠭᠦᠷᠪᠡᠯ᠂ ᠴᠢᠩᠭ᠎ᠠ ᠲᠣᠭᠲᠠᠭᠠᠯ ᠪᠠ ᠲᠡᠰ | ᠳᠠᠷᠠᠭᠠᠯᠠᠯ ᠲᠠᠢ᠂ ᠣᠬᠤᠷ ᠮᠡᠳᠡᠭᠡ᠂ QQ᠂ ᠵᠢᠷᠬᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ | ᠲᠤᠰᠢᠶᠠᠭᠴᠢ ᠳᠤ ᠬᠠᠮᠢᠶ᠎ᠠ ᠪᠥᠬᠦᠶ ᠮᠠᠲ᠋ᠧᠷᠢᠶᠠᠯ ᠬᠠᠩᠭᠠᠬᠤ ᠶᠢ ᠮᠡᠳᠡᠭᠳᠡᠬᠦ ᠦᠭᠡᠢ᠃ ᠴᠢᠬᠤᠯᠠ ᠲᠠᠢ ᠪᠣᠯ | ᠭᠠᠶᠢᠯᠢ ᠶᠢᠨ ᠰᠠᠯᠠᠭ᠎ᠠ ᠮᠥᠴᠢᠷ ᠲᠤ ᠰᠢᠭᠤᠳ ᠬᠦᠷᠴᠦ ᠬᠢᠨᠠᠨ ᠰᠢᠢᠳᠪᠦᠷᠢᠯᠡᠬᠦ ᠬᠡᠷᠡᠭᠳᠡᠢ᠃ | |