ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠶᠯ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/5/11
   ᠬᠦᠴᠦ ᠪᠠᠨ ᠲᠥᠪᠯᠡᠷᠡᠭᠦᠯᠦᠨ ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠬᠤ ᠴᠠᠭ ᠪᠣᠯᠤᠯ᠎ᠠ᠃ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠠᠪᠴᠢᠷᠠᠭᠰᠠᠨ ᠴᠢᠬᠤᠯᠠ ᠶᠡᠭᠡ ᠠᠵᠠ ᠲᠣᠬᠢᠶᠠᠯ ᠢ ᠠᠳᠬᠤᠬᠤ ᠶᠢᠨ ᠲᠥᠯᠥᠭᠡ᠂ ᠲᠦᠴᠢᠦᠸᠠᠨ ᠰᠢᠶᠠᠨ ᠴᠠᠭ ᠢᠮᠠᠭᠲᠠ ᠪᠥᠬᠦ ᠬᠤᠷᠳᠤᠴᠠ ᠪᠠᠷ ᠭᠦᠶᠦᠬᠦ ᠬᠠᠯᠠᠮᠰᠢᠯ ᠪᠠ ᠬᠤᠷᠳᠤᠴᠠ ᠶᠢ ᠪᠠᠲᠤᠯᠠᠵᠤ᠂ ᠰᠠᠯᠬᠢᠨ ᠬᠦᠴᠦᠨ ᠤ ᠴᠠᠬᠢᠯᠭᠠᠨ ᠤ ᠵᠠᠬ᠎ᠠ ᠳᠡᠯᠭᠡᠭᠦᠷ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠡᠨᠧᠷᠭᠢ ᠶᠢᠨ ᠠᠵᠤ ᠦᠶᠯᠡᠰ ᠢ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠬᠤ ᠬᠦᠴᠦᠷᠬᠡᠭ ᠶᠡᠭᠡ ︽ᠬᠥᠳᠡᠯᠭᠡᠭᠦᠷ︾ ᠪᠣᠯᠭᠠᠪᠠ᠃
   ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠤ ᠲᠥᠷᠥᠯ ᠵᠦᠶᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠥᠪᠡᠷ ᠥᠪᠡᠷ ᠤᠨ ᠠᠵᠢᠯ ᠤᠨ ᠲᠣᠭᠤᠷᠢᠭ ᠲᠠᠭᠠᠨ ᠲᠠᠷᠬᠠᠵᠤ᠂ ᠣᠲᠣ ᠶᠠᠭ ᠠᠩᠬᠠᠳᠠᠭᠴᠢ ᠰᠠᠯᠬᠢᠨ ᠨᠥᠭᠡᠴᠡ ᠶᠢᠨ ᠮᠠᠰᠢᠨ  ᠤ ᠰᠠᠭᠤᠷᠢ ᠶᠢ ᠡᠮᠬᠢ ᠵᠢᠷᠤᠮ ᠲᠠᠢ ᠪᠠᠷ ᠤᠰᠤᠯᠠᠵᠤ᠂ ᠡᠯ᠎ᠡ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠡᠮᠬᠢ ᠵᠢᠷᠤᠮ ᠲᠠᠢ ᠠᠭᠢᠵᠤ ᠪᠠᠶᠢᠨ᠎ᠠ᠃    ︽ᠲᠤᠰ ᠲᠥᠷᠥᠯ ᠵᠦᠢᠯ ᠳᠤ 100 ᠳᠠᠩ ᠮᠠᠰᠢᠨ ᠤ ᠪᠠᠭᠲᠠᠭᠠᠮᠵᠢ ᠲᠠᠢ 10 MW ᠰᠠᠯᠬᠢᠨ ᠮᠠᠰᠢᠨ ᠤᠭᠰᠠᠷᠠᠵᠤ᠂ ᠥᠨᠥᠳᠦᠷ ᠪᠣᠯ ᠠᠩᠬᠠᠳᠠᠭᠴᠢ ᠰᠠᠯᠬᠢᠨ ᠮᠠᠰᠢᠨ ᠤ ᠰᠠᠭᠤᠷᠢ ᠪᠣᠯᠬᠤ ᠴᠢᠳᠬᠤᠮᠠᠯ ᠮᠠᠰᠢᠨ ᠪᠣᠯᠤᠨ᠎ᠠ᠂ ᠮᠥᠨ ᠴᠦ ᠲᠤᠰ ᠲᠥᠷᠥᠯ ᠵᠦᠢᠯ ᠤᠨ ᠵᠢᠩᠬᠢᠨᠢ ᠪᠠᠷ ᠪᠠᠷᠢᠯᠭ᠎ᠠ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠵᠢᠯ ᠪᠦᠷᠢ ᠣᠷᠣᠨ ᠨᠤᠲᠤᠭ ᠲᠤ 6000 ᠭᠠᠷᠤᠶ ᠲᠦᠮᠡᠨ ᠲᠥᠭᠦᠷᠢᠭ  ᠤᠨ ᠭᠠᠶᠢᠯᠢ ᠲᠤᠰᠢᠶᠠᠵᠤ᠂ ᠵᠢᠯ ᠳᠤ 1000 ᠭᠠᠷᠤᠶ ᠬᠥᠮᠦᠨ ᠳᠤ ᠠᠵᠢᠯ ᠣᠯᠭᠤᠪᠠ᠃︾ ᠭᠡᠵᠦ ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠤ ᠲᠥᠷᠥᠯ ᠵᠦᠶᠯ ᠤᠨ ᠬᠠᠷᠢᠭᠤᠴᠠᠯᠭᠠᠲᠠᠨ ᠡᠦ ᠰᠢᠶᠠᠩ ᠪᠤᠤ ᠬᠡᠯᠡᠪᠡ᠃
   ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠢ ᠥᠪᠥᠷ ᠮᠣᠩᠭᠤᠯ ᠤᠨ ᠮᠧᠩ ᠨᠧᠩ ᠯᠢ ᠴᠢᠤᠸᠠᠨ ᠡᠨᠧᠷᠭᠢ  ᠶᠢᠨ ᠬᠢᠵᠠᠭᠠᠷᠲᠤ ᠺᠣᠮᠫᠠᠨᠢ ᠠᠴᠠ ᠪᠥᠲᠥᠭᠡᠨ ᠪᠠᠶᠢᠭᠤᠯᠵᠤ᠂ ᠪᠥᠲᠥᠭᠡᠨ ᠪᠠᠶᠢᠭᠤᠯᠬᠤ ᠭᠠᠵᠠᠷ ᠪᠣᠯᠬᠤ ᠲᠦᠴᠢᠦᠸᠠᠨ ᠰᠢᠶᠠᠨ ᠤ ᠵᠢᠷᠭᠤᠭᠠᠨ ᠡᠷᠦᠬᠡ ᠪᠠᠯᠭᠠᠰᠤ᠂ ᠰᠢᠤᠸᠠᠢ ᠲᠢᠶᠠᠨ ᠰᠢᠶᠠᠩ ᠳᠤ ᠨᠡᠶᠢᠲᠡ 45.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 100 ᠲᠦᠮᠡᠨ ᠺᠢᠯᠣᠸᠠᠲ ᠪᠠᠶᠢᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ᠂ ᠡᠨᠧᠷᠭᠢ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠳᠤ ᠴᠢᠬᠤᠯᠠ ᠦᠶᠯᠡᠳᠦᠯ ᠦᠵᠡᠭᠦᠯᠬᠦ ᠪᠥᠭᠡᠳ ᠲᠤᠬᠠᠶ ᠶᠢᠨ ᠭᠠᠵᠠᠷ ᠪᠠ ᠡᠷᠬᠢᠨ ᠲᠣᠭᠤᠷᠢᠨ ᠤ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠣᠷᠴᠢᠨ ᠲᠣᠭᠤᠷᠢᠨ ᠤ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ ᠠᠰᠢᠭ ᠢ ᠪᠡᠶᠡᠯᠡᠭᠦᠯᠬᠦ ᠪᠣᠯᠤᠨ᠎ᠠ᠃    ᠲᠦᠴᠢᠦᠸᠠᠨ ᠰᠢᠶᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ  ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠢ ᠢᠳᠡᠪᠬᠢᠲᠡᠢ ᠬᠥᠭᠵᠢᠭᠦᠯᠦᠭᠰᠡᠭᠡᠷ ᠢᠷᠡᠪᠡ᠃ ᠵᠠᠰᠠᠭ ᠣᠨ ᠣᠷᠳᠣᠨ ᠪᠣᠯᠤᠨ ᠠᠵᠤ ᠠᠬᠤᠶᠢᠯᠠᠯ ᠤᠨ ᠰᠢᠭᠤᠳ ᠨᠡᠪᠲᠡᠷᠡᠬᠦ ᠲᠡᠷᠭᠡ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠭᠦᠷᠭᠡ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ  ᠢᠶᠠᠷ ᠠᠬᠢᠭᠤᠯᠤᠨ᠎ᠠ᠃    ︽ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠳᠤ ᠰᠢᠨ᠎ᠡ ᠡᠨᠧᠷᠭᠢ ᠶᠢᠨ ᠠᠵᠤ ᠠᠬᠤᠶᠢᠯᠠᠯ ᠨᠡᠶᠢᠲᠡ 10 ᠪᠣᠶ᠂ ᠡᠭᠦᠨ ᠳᠤ 5 ᠬᠡᠷᠡᠯ ᠴᠡᠨᠡᠭ ᠤᠨ ᠠᠵᠤ ᠠᠬᠤᠶᠢᠯᠠᠯ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ  ᠨᠢ 32.43 ᠲᠦᠮᠡᠨ ᠺᠢᠯᠣᠸᠠᠲ ᠪᠠᠶᠢᠨ᠎ᠠ︔ ᠰᠠᠯᠬᠢᠨ ᠬᠦᠴᠦᠨ ᠤ ᠴᠠᠬᠢᠯᠭᠠᠨ ᠤ 5 ᠠᠵᠤ ᠠᠬᠤᠶᠢᠯᠠᠯ ᠤᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 59.7 ᠲᠦᠮᠡᠨ ᠺᠢᠯᠣᠸᠠᠲ ᠲᠤ ᠬᠦᠷᠪᠡ᠃ ᠲᠦᠴᠢᠦᠸᠠᠨ ᠰᠢᠶᠠᠨ ᠶᠠᠭ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠯᠬᠤᠮ ᠢᠶᠠᠨ ᠲᠦᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠢ ︿ᠲᠦᠷᠭᠡᠨ ᠤ ᠵᠠᠮ ᠳᠤ ᠣᠷᠣᠭᠤᠯᠬᠤ ᠪᠠᠷ ᠴᠢᠷᠮᠠᠶᠢᠵᠤ ᠪᠠᠶᠢᠨ᠎ᠠ﹀᠃︾ ᠭᠡᠵᠦ ᠲᠦᠴᠢᠦᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠠᠭᠤᠷᠢ ᠲᠥᠬᠦᠭᠡᠷᠦᠮᠵᠢ ᠶᠢᠨ ᠲᠠᠰᠤᠭ ᠤᠨ ᠳᠠᠷᠤᠭ᠎ᠠ ᠯᠢ ᠵᠢᠩ ᠲᠠᠨᠢᠯᠴᠠᠭᠤᠯᠪᠠ᠃    ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠲᠥᠷᠥᠯ ᠵᠦᠶᠯ ᠤᠨ ᠲᠥᠯᠥᠪᠵᠢᠭᠦᠯᠭᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠦᠨᠡᠨ ᠬᠦ ᠬᠦᠴᠦ ᠣᠷᠣᠭᠤᠯᠵᠤ᠂ ᠨᠠᠩ ᠣᠯᠠᠨ ᠰᠢᠨ᠎ᠡ ᠡᠨᠧᠷᠭᠢ ᠶᠢᠨ ᠲᠥᠷᠥᠯ ᠵᠦᠶᠯ ᠢ ᠪᠣᠳᠠᠲᠠᠶ ᠳᠤ ᠨᠠᠶᠢᠳᠠᠪᠤᠷᠢᠵᠢᠭᠤᠯᠬᠤ  ᠪᠠᠷ ᠴᠢᠷᠮᠠᠶᠢᠵᠤ᠂ ᠦᠨᠡᠨ ᠪᠣᠳᠠᠲᠠᠶ ᠲᠥᠷᠥᠯ ᠵᠦᠶᠯ ᠢᠶᠠᠷ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号