ᠲᠦᠴᠢᠦᠸᠠᠨ ᠰᠢᠶᠠᠨ ᠠᠷᠪᠠᠨ ᠵᠢᠷᠭᠤᠳᠤᠭᠠᠷ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ  ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
   ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ 16 ᠳᠠᠬᠢ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠮᠥᠨ᠂ ᠪᠥᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠨᠡᠶᠢᠭᠡᠮ ᠳᠠᠶᠠᠭᠠᠷ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠴᠢᠳᠠᠪᠤᠷᠢ ᠶᠢ ᠲᠦᠭᠡᠮᠡᠯᠵᠢᠭᠦᠯᠵᠦ᠂ ᠮᠠᠨ ᠤ ᠰᠢᠶᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ 5 ᠰᠠᠷ᠎ᠠ ᠶᠢᠨ 12 ᠤᠨ ᠡᠳᠦᠷ᠂ ᠲᠦᠴᠢᠦᠸᠠᠨ ᠰᠢᠶᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠲᠥᠪ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠯᠠᠨ ᠶᠠᠩᠵᠤ ᠬᠡᠯᠪᠡᠷᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠤᠷᠠᠯ ᠪᠣᠯᠭᠠᠨ ᠪᠠᠴᠢᠮ ᠪᠠᠶᠢᠳᠠᠯ ᠢ ᠠᠷᠭᠠᠴᠠᠭᠠᠵᠤ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠭᠤᠤᠯ ᠰᠡᠳᠦᠪ ᠤᠨ ᠲᠣᠭᠤᠷᠢᠨ ᠳᠤ ᠶᠠᠪᠤᠭᠳᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠤᠨ ᠠᠵᠢᠯᠯᠠᠭ᠎ᠠ ᠶᠢᠨ ᠠᠬᠤᠢ ᠲᠠᠯᠠᠪᠠᠢ ᠳᠤ ᠣᠷᠣᠵᠤ᠂ ᠠᠵᠢᠯᠲᠠᠳ ᠤᠯᠠᠨ ᠲᠦᠮᠡᠨ ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠪᠠ ᠪᠣᠳᠠᠲᠤ ᠬᠡᠷᠡᠭᠯᠡᠭᠡᠨ ᠤ ᠤᠬᠠᠭᠤᠯᠭ᠎ᠠ ᠶᠢᠨ ᠪᠣᠳᠠᠰ ᠲᠠᠷᠬᠠᠭᠠᠭᠰᠠᠨ ᠪᠥᠭᠡᠳ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ᠢ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠬᠦ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠠᠮᠢ ᠵᠢᠭᠤᠲᠠᠬᠤ ᠶᠢ ᠳᠠᠭᠤᠷᠢᠶᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ᠂ ᠠᠮᠢᠳᠤᠯᠢᠭ ᠳᠦᠷᠰᠦᠯᠢᠭ ᠢᠶᠠᠷ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠮᠡᠳᠡᠯᠭᠡ ᠪᠠ ᠤᠷ᠎ᠠ ᠴᠢᠳᠠᠪᠤᠷᠢ ᠶᠢ ᠤᠯᠠᠮᠵᠢᠯᠠᠪᠠ᠃    ᠠᠵᠢᠯᠯᠠᠭ᠎ᠠ ᠳᠤ ᠣᠷᠣᠯᠴᠠᠭᠰᠠᠨ ᠡᠯ᠎ᠡ ᠨᠢᠭᠡᠴᠢ ᠨᠢ ᠪᠠᠰᠠ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ ᠲᠤᠰᠬᠠᠶ ᠮᠡᠷᠭᠡᠵᠢᠯ ᠤᠨ ᠮᠡᠳᠡᠯᠭᠡ ᠲᠠᠢ ᠪᠠᠨ ᠤᠶᠠᠯᠳᠤᠭᠤᠯᠤᠨ᠂ ᠲᠤᠬᠠᠶ ᠶᠢᠨ ᠲᠠᠯᠠᠪᠤᠷ ᠲᠤ ᠪᠠᠶᠢᠭᠰᠠᠨ ᠣᠯᠠᠨ ᠲᠦᠮᠡᠨ ᠳᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ᠂ ᠭᠠᠵᠠᠷ ᠬᠥᠳᠡᠯᠦᠯᠲᠡ ᠶᠢ ᠤᠷᠢᠳᠴᠢᠯᠠᠨ ᠰᠡᠷᠭᠡᠶᠢᠯᠡᠬᠦ ᠵᠢᠴᠢ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠳᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠳᠡᠷᠭᠡᠳᠡᠬᠢ ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠢᠯᠭᠠᠨ ᠲᠠᠨᠢᠬᠤ ᠶᠢᠨ ᠬᠠᠮᠲᠤ ᠵᠠᠶᠢᠯᠠᠵᠤ᠂ ᠳᠠᠯᠳᠠ ᠠᠮᠤᠷ ᠲᠦᠪᠰᠢᠨ ᠤ ᠳᠠᠯᠳᠠ ᠬᠡᠮ ᠢ ᠤᠬᠠᠮᠰᠠᠷ ᠠᠴᠠ ᠪᠠᠨ ᠪᠠᠶᠢᠴᠠᠭᠠᠬᠤ ᠪᠠ ᠠᠷᠢᠯᠭᠠᠵᠤ᠂ ᠡᠭᠦᠨ ᠤ ᠤᠯᠠᠮ ᠠᠴᠠ ᠬᠤᠪᠢ ᠬᠥᠮᠦᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ  ᠶᠢ ᠪᠦᠲᠦᠮᠵᠢᠲᠡᠶ ᠳᠡᠭᠡᠭᠰᠢᠯᠡᠭᠦᠯᠬᠦ ᠶᠢ ᠰᠠᠨᠠᠭᠤᠯᠬᠤ ᠪᠠᠷ ᠵᠣᠷᠢᠯᠭ᠎ᠠ ᠪᠣᠯᠭᠠᠵᠠᠶ᠃    ︽ᠥᠨᠥᠳᠦᠷ ᠤᠨ ᠠᠵᠢᠯᠯᠠᠭ᠎ᠠ ᠮᠠᠰᠢ ᠤᠳᠬ᠎ᠠ ᠠᠭᠤᠯᠭ᠎ᠠ ᠲᠠᠢ᠂ ᠲᠠᠷᠬᠠᠭᠠᠬᠤ ᠤᠬᠠᠭᠤᠯᠭ᠎ᠠ ᠶᠢᠨ ᠮᠡᠳᠡᠯᠭᠡ  ᠶᠢᠨ ᠭᠠᠷ ᠳᠡᠪᠲᠡᠷ ᠮᠠᠰᠢ ᠣᠯᠠᠨ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ᠂ ᠦᠶᠡᠷ ᠢ ᠰᠡᠷᠭᠡᠶᠢᠯᠡᠬᠦ᠂ ᠪᠠᠰᠠ ᠡᠳᠦᠷ ᠲᠤᠲᠤᠮ ᠤᠨ ᠠᠮᠢᠳᠤᠷᠠᠯ ᠤᠨ ᠪᠠᠴᠢᠮ ᠠᠪᠤᠷᠠᠯᠳᠠ ᠶᠢᠨ ᠮᠡᠳᠡᠯᠭᠡ ᠲᠠᠢ᠂ ᠲᠡᠷᠡ ᠮᠥᠷᠲᠡᠭᠡᠨ ᠳᠣᠲᠣᠷ᠎ᠠ ᠨᠢ ᠮᠠᠰᠢ ᠣᠯᠠᠨ ᠵᠢᠷᠤᠭ ᠲᠠᠢ᠂ ᠬᠡᠷ ᠲᠤᠨᠢ ᠭᠦᠷᠦᠭᠰᠡᠨ ᠬᠡᠦᠬᠡᠳ ᠴᠦ ᠦᠵᠡᠵᠦ ᠪᠣᠯᠤᠨ᠎ᠠ᠂ ᠪᠢᠳᠡ ᠡᠲᠡᠭᠡᠷ ᠮᠡᠳᠡᠯᠭᠡ  ᠶᠢ ᠢᠯᠡᠭᠦᠬᠡᠨ ᠰᠤᠷᠤᠯᠴᠠᠪᠠᠯ ᠪᠢᠳᠡᠨ ᠳᠤ ᠮᠠᠰᠢ ᠣᠯᠠᠨ ᠠᠰᠢᠭᠲᠠᠶ ᠶᠤᠮ᠃︾ ᠭᠡᠵᠦ ᠰᠠᠭᠤᠭᠠᠯᠢ ᠠᠷᠠᠳ ᠴᠧᠨ ᠶᠠᠨ ᠬᠤᠩ ᠬᠡᠯᠡᠪᠡ᠃    ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ ᠮᠢᠩᠭ᠎ᠠ ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠬᠠᠭᠤᠳᠠᠰᠤ ᠶᠢ ᠬᠤᠶᠠᠷ ᠮᠢᠩᠭ᠎ᠠ ᠭᠠᠷᠤᠶ ᠬᠤᠪᠢ ᠲᠠᠷᠬᠠᠭᠠᠵᠤ᠂ ᠪᠠᠰᠠ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ ᠵᠢᠴᠢ ᠠᠭᠤᠳᠠᠮ ᠲᠠᠯᠠᠪᠠᠶ ᠶᠢᠨ LED ᠲᠣᠮᠣ ᠳᠡᠯᠭᠡᠴᠡ ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ  ᠠᠴᠠ ᠠᠪᠤᠷᠬᠠᠤ ᠸᠢᠳᠢᠣ᠋ ᠲᠠᠯᠪᠢᠬᠤ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠮᠢᠩᠭ᠎ᠠ ᠭᠠᠷᠤᠶ ᠣᠯᠠᠨ ᠲᠦᠮᠡᠨ ᠤ ᠵᠥᠪᠯᠡᠯᠭᠡ ᠪᠠ ᠣᠷᠣᠯᠴᠠᠯᠭ᠎ᠠ ᠶᠢ ᠲᠠᠲᠠᠵᠠᠶ᠃    ︽ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ  ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠰᠠᠭᠤᠷᠢ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠵᠢᠯ ᠳᠠᠬᠢ ᠠᠩᠬᠠᠷᠤᠯ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠤᠨ᠂ ᠮᠠᠨ ᠤ ᠰᠢᠶᠠᠨ ᠤ ᠭᠠᠮᠰᠢᠭ ᠤᠨ ᠠᠶᠤᠯ ᠲᠦᠭᠰᠢᠭᠦᠷᠢ ᠶᠢ ᠵᠠᠰᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃︾ ᠭᠡᠵᠦ ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠮᠠ ᠬᠠᠢ ᠶᠠᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号