ᠬᠠᠪᠤᠷ ᠤᠨ ᠤᠯᠠᠷᠢᠯ ᠳᠤ ᠬᠤᠨᠢ ᠢᠮᠠᠭ᠎ᠠ ᠲᠡᠵᠢᠭᠡᠬᠦ ᠮᠡᠷᠭᠡᠵᠢᠯ ᠤᠨ ︽ᠳᠥᠷᠪᠡᠨ ᠵᠣᠬᠢᠮᠵᠢ︾
ᠨᠡᠶᠢᠲᠡᠯᠡᠭᠰᠡᠨ ᠴᠠᠭ᠄
2024/5/14
   1. ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠬᠠᠮᠢᠶᠠᠷᠪᠠᠯ ᠵᠣᠬᠢᠨ᠎ᠠ    ᠬᠤᠨᠢ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠠᠴᠢᠯᠠᠵᠤ ᠬᠠᠮᠢᠶᠠᠷᠪᠠᠯ ᠰᠠᠶ᠋ᠢ ᠬᠤᠨᠢᠨ ᠰᠦᠷᠦᠭ ᠢ ᠡᠷᠡᠭᠦᠯ ᠢᠶᠠᠷ ᠦᠷᠡᠵᠢᠭᠦᠯᠦᠨ ᠪᠤᠶᠢᠵᠢᠭᠤᠯᠵᠤ ᠴᠢᠳᠠᠨ᠎ᠠ᠃ ᠰᠠᠶᠢᠨ ᠠᠷᠠᠴᠢᠯᠠᠬᠤ ᠨᠢ ᠬᠤᠨᠢ ᠢᠮᠠᠭᠠᠨ ᠤ ᠪᠡᠶ᠎ᠡ ᠮᠠᠬᠠᠪᠤᠳ ᠤᠨ ᠰᠠᠶᠢᠨ ᠴᠢᠨᠠᠷ ᠢ ᠪᠠᠲᠤᠯᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ ᠴᠢᠳᠠᠨ᠎ᠠ᠃ ᠢᠩᠭᠢᠪᠡᠯ ᠪᠠᠭ᠎ᠠ ᠬᠦᠴᠦ ᠣᠷᠣᠭᠤᠯᠵᠤ ᠪᠠᠶᠢᠭᠠᠳ ᠬᠤᠨᠢ ᠢᠮᠠᠭᠠᠨ ᠤ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃    2. ᠬᠤᠨᠢ ᠢᠮᠠᠭᠠᠨ ᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠪᠠᠯ ᠵᠣᠬᠢᠨ᠎ᠠ    ᠬᠡᠷᠪᠡ ᠬᠤᠨᠢ ᠢᠮᠠᠭ᠎ᠠ ᠲᠡᠵᠢᠭᠡᠵᠦ ᠪᠠᠶᠢᠭ᠎ᠠ ᠣᠷᠴᠢᠨ ᠲᠣᠭᠤᠷᠢᠨ ᠨᠢ ᠪᠤᠵᠠᠷ ᠠᠨᠠᠢ ᠪᠠᠶᠢᠪᠠᠯ᠂ ᠲᠡᠵᠢᠭᠡᠨ ᠦᠷᠡᠵᠢᠭᠦᠯᠬᠦ ᠲᠠᠯᠠᠪᠠᠶ ᠳᠤ ᠶᠡᠭᠡ ᠬᠡᠮᠵᠢᠶᠡᠨ ᠤ ᠢᠯᠠᠭ᠎ᠠ ᠪᠠᠲᠠᠭᠠᠨ᠎ᠠ ᠮᠡᠲᠦ ᠶᠢᠨ ᠰᠢᠪᠠᠵᠢ ᠲᠠᠢ ᠪᠣᠯᠵᠤ᠂ ᠡᠭᠦᠨ ᠤ ᠬᠠᠮᠲᠤ ᠪᠠᠰᠠ ᠡᠯ᠎ᠡ ᠵᠦᠢᠯ ᠤᠨ ᠡᠪᠡᠳᠴᠢᠨ ᠡᠭᠦᠰᠬᠡᠭᠴᠢ ᠮᠢᠺᠷᠣᠪ ᠪᠠ ᠰᠢᠮᠡᠭᠦᠷ ᠬᠤᠷᠣᠬᠠᠢ ᠦᠷᠡᠵᠢᠳᠡᠭ ᠠᠴᠠ ᠪᠣᠯᠵᠤ ᠬᠤᠨᠢᠨ ᠰᠦᠷᠦᠭ ᠤᠨ ᠤᠤᠭᠤᠬᠤ ᠤᠰᠤ ᠪᠣᠯᠣᠨ ᠲᠡᠵᠢᠭᠡᠯ ᠪᠣᠷᠳᠤᠭ᠎ᠠ ᠨᠢ ᠪᠤᠵᠠᠷᠲᠤᠵᠤ᠂ ᠬᠥᠨᠳᠦ ᠨᠣᠴᠢᠲᠠᠢ ᠨᠢ ᠬᠤᠨᠢᠨ ᠰᠦᠷᠦᠭ ᠤᠨ ᠬᠢᠵᠢᠭ ᠡᠪᠡᠳᠴᠢᠨ ᠢ ᠡᠭᠦᠰᠬᠡᠬᠦ ᠪᠠ ᠳᠡᠯᠭᠡᠷᠡᠭᠦᠯᠳᠡᠭ᠃ ᠡᠶᠢᠮᠦ ᠠᠴᠠ ᠬᠤᠨᠢᠨ ᠤ ᠴᠡᠪᠡᠷ ᠣᠷᠴᠢᠨ ᠲᠣᠭᠤᠷᠢᠨ ᠢ ᠪᠠᠲᠤᠯᠠᠵᠤ᠂ ᠲᠡᠵᠢᠭᠡᠪᠦᠷᠢ ᠶᠢᠨ ᠲᠠᠯᠠᠪᠠᠢ ᠶᠢᠨ ᠭᠠᠵᠠᠷ ᠢ ᠲᠣᠭᠲᠠᠭᠰᠠᠨ ᠴᠠᠭ ᠲᠤ ᠴᠡᠪᠡᠷᠯᠡᠵᠦ᠂ ᠬᠤᠨᠢᠨ ᠤ ᠬᠠᠰᠢᠶ᠎ᠠ ᠶᠢᠨ ᠰᠠᠯᠬᠢ ᠵᠢᠪᠠᠷ ᠨᠡᠪᠲᠡᠷᠡᠭᠦᠯᠦᠨ ᠠᠭᠠᠷ ᠰᠣᠯᠢᠯᠴᠠᠬᠤ ᠶᠢ ᠠᠩᠬᠠᠷᠴᠤ ᠂ ᠡᠪᠡᠰᠦ ᠪᠣᠷᠳᠤᠭ᠎ᠠ ᠶᠢ ᠴᠠᠭ ᠲᠤᠬᠠᠢ ᠳᠤᠨᠢ ᠰᠣᠯᠢᠬᠤ ᠶᠢᠨ ᠬᠠᠮᠲᠤ ᠬᠤᠨᠢᠨ ᠤ ᠢᠯᠭᠠᠳᠠᠰᠤ ᠶᠢ ᠴᠡᠪᠡᠷᠯᠡᠵᠦ᠂ ᠬᠠᠭᠤᠷᠠᠢ ᠴᠡᠪᠡᠷ ᠲᠡᠵᠢᠭᠡᠪᠦᠷᠢ ᠶᠢᠨ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠢ᠃    3. ᠲᠣᠭᠲᠠᠭᠰᠠᠨ ᠬᠤᠭᠤᠴᠠᠭ᠎ᠠ ᠲᠠᠢ ᠬᠠᠰᠢᠶ᠎ᠠ ᠰᠠᠷᠠᠪᠴᠢ ᠪᠠᠨ ᠠᠷᠢᠭᠤᠳᠬᠠᠪᠠᠯ ᠵᠣᠬᠢᠨ᠎ᠠ    ᠬᠤᠨᠢ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠬᠠᠰᠢᠶᠠᠯᠠᠨ ᠲᠡᠵᠢᠭᠡᠭᠰᠡᠨ ᠬᠤᠨᠢᠨ ᠤ ᠬᠠᠰᠢᠶ᠎ᠠ ᠶᠢᠨ ᠭᠠᠵᠠᠷ᠂ ᠬᠡᠷᠡᠮ ᠵᠢᠴᠢ ᠬᠦᠷᠢᠶ᠎ᠡ ᠬᠠᠰᠢᠶ᠎ᠠ᠂ ᠬᠤᠨᠢ ᠢᠮᠠᠭᠠᠨ ᠤ ᠬᠦᠳᠡᠯᠭᠡᠭᠡᠨ ᠤ ᠭᠠᠵᠠᠷ ᠢ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠬᠤ ᠬᠡᠷᠡᠭᠲᠡᠢ᠃ ᠬᠤᠨᠢ ᠢᠮᠠᠭ᠎ᠠ ᠶᠢ ᠲᠡᠵᠢᠭᠡᠨ ᠦᠷᠡᠵᠢᠭᠦᠯᠬᠦ ᠳᠤ ᠦᠷᠭᠦᠯᠵᠢ ᠬᠡᠷᠡᠭᠯᠡᠳᠡᠭ ᠪᠠᠭᠠᠵᠢ ᠬᠡᠷᠡᠭᠰᠡᠯ ᠪᠠ ᠮᠠᠰᠢᠨ ᠲᠥᠬᠦᠭᠡᠷᠦᠮᠵᠢ ᠶᠢ ᠴᠦ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ ᠰᠢᠢᠳᠪᠦᠷᠢᠯᠡᠬᠦ ᠶᠢ ᠠᠩᠬᠠᠷᠬᠤ ᠬᠡᠷᠡᠭᠲᠡᠢ᠃ ᠶᠡᠷᠦ ᠳᠡᠭᠡᠨ ᠠᠯᠢᠪᠠ ᠪᠠᠭᠠᠵᠢ ᠬᠡᠷᠡᠭᠰᠡᠯ ᠢ ᠭᠠᠷᠠᠭ ᠪᠦᠷᠢ 1~2 ᠤᠳᠠᠭ᠎ᠠ ᠠᠷᠢᠭᠤᠳᠬᠠᠬᠤ ᠬᠡᠷᠡᠭᠲᠡᠢ᠃ ᠬᠡᠷᠪᠡ ᠬᠤᠨᠢ ᠢᠮᠠᠭᠠᠨ ᠤ ᠬᠢᠵᠢᠭ ᠤᠨ ᠪᠠᠶᠢᠳᠠᠯ ᠭᠠᠷᠪᠠᠯ ᠭᠠᠷᠠᠭ ᠪᠦᠷᠢ 3~4 ᠤᠳᠠᠭ᠎ᠠ ᠠᠷᠢᠭᠤᠳᠬᠠᠨ ᠰᠢᠢᠳᠪᠦᠷᠢᠯᠡᠪᠡᠯ ᠵᠣᠬᠢᠨ᠎ᠠ᠃    4. ᠲᠣᠭᠲᠠᠭᠰᠠᠨ ᠬᠤᠭᠤᠴᠠᠭ᠎ᠠ ᠲᠠᠢ ᠪᠠᠷ ᠬᠤᠷᠣᠬᠠᠢ ᠬᠥᠭᠡᠭᠡᠪᠡᠯ ᠵᠣᠬᠢᠨ᠎ᠠ    ᠬᠤᠨᠢ ᠲᠡᠵᠢᠭᠡᠬᠦ ᠳᠤ ᠰᠢᠮᠡᠭᠦᠷ ᠬᠤᠷᠣᠬᠠᠢ ᠶᠢᠨ ᠡᠪᠡᠳᠴᠢᠨ ᠳᠤ ᠠᠮᠠᠷᠬᠠᠨ ᠨᠡᠷᠪᠡᠭᠳᠡᠳᠡᠭ᠃ ᠡᠪᠡᠳᠴᠢᠨ ᠳᠤ ᠨᠡᠷᠪᠡᠭᠳᠡᠭᠰᠡᠨ ᠬᠤᠨᠢ ᠨᠢ ᠡᠴᠡᠵᠦ ᠲᠤᠷᠠᠬᠤ ᠮᠥᠷᠲᠡᠭᠡᠨ ᠥᠰᠦᠯᠲᠡ ᠪᠤᠶᠢᠵᠢᠯᠲᠠ ᠨᠢ ᠤᠳᠠᠭᠠᠨ᠂ ᠬᠦᠨᠳᠦ ᠨᠣᠴᠢᠲᠠᠢ ᠨᠢ ᠪᠤᠶᠢᠵᠢᠯᠲᠠ ᠨᠢ ᠬᠠᠷᠰᠢᠯᠠᠭᠳᠠᠨ ᠦᠷᠡᠵᠢᠬᠦ ᠴᠢᠳᠠᠪᠤᠷᠢ ᠨᠢ ᠪᠠᠭᠤᠷᠠᠵᠤ᠂ ᠦᠬᠦᠬᠦ ᠪᠠᠶᠢᠳᠠᠯ ᠭᠠᠷᠳᠠᠭ᠃ ᠡᠶᠢᠮᠦ ᠠᠴᠠ ᠰᠢᠮᠡᠭᠦᠷ ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠵᠠᠪᠠᠯ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号