ᠲᠦᠴᠢᠦᠸᠠᠨ ᠰᠢᠶᠠᠨ《 ᠲᠠᠪᠤᠨ ᠶᠡᠭᠡ ᠡᠭᠦᠷᠭᠡ 》《 ᠵᠢᠷᠭᠤᠭᠠᠨ ᠢᠨᠵᠧᠨᠧᠷᠢᠩ 》 ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/19
   5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ ᠤᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠤᠭᠤᠯᠪᠠ  ᠃    ᠬᠤᠷᠠᠯ ᠠᠴᠠ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ ᠤᠨ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠥᠬᠦ ᠰᠢᠶᠠᠨ ᠤ ᠳᠡᠭᠡᠳᠦ ᠳᠣᠤᠷᠠᠳᠤ ᠱᠠᠲᠤᠨ ᠤ ᠡᠷᠬᠡᠪᠰᠢ ᠡᠷᠡᠰ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ  ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ  ᠃ ᠵᠠᠩᠭᠢᠯᠠᠭ᠎ᠠ ᠶᠢᠨ ᠭᠤᠣᠯᠳᠠᠯᠭ᠎ᠠ ᠶᠢ ᠠᠳᠬᠤᠵᠤ᠂ ᠠᠵᠢᠯ ᠢ ᠡᠳᠦᠷ ᠲᠤᠳᠤᠮ ᠠᠳᠬᠤᠵᠤ᠂ ᠪᠠᠶᠢᠩᠭᠤ ᠠᠳᠬᠤᠵᠤ᠂ ᠬᠡᠷᠡᠭᠵᠢᠭᠦᠯᠬᠦ ᠲᠥᠰᠦᠯ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢᠨ ᠲᠣᠭᠤᠷᠢᠨ ᠳᠤ ᠨᠠᠷᠢᠨ ᠬᠢᠨᠠᠮᠠᠭᠠᠢ ᠰᠤᠳᠤᠯᠵᠤ᠂ ᠵᠦᠢᠯ ᠳᠠᠷᠠᠭᠠᠯᠠᠨ ᠨᠠᠷᠢᠯᠢᠬᠵᠢᠭᠤᠯᠵᠦ᠂ ᠳᠤᠲᠠᠭᠤᠳᠠᠯ ᠪᠠᠭᠤᠷᠠᠢ ᠲᠠᠯ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ ᠪᠡᠶ᠎ᠡ ᠪᠠᠷ ᠢᠶᠠᠨ ᠠᠬᠢᠭᠤᠯᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠶᠢ ᠱᠠᠯᠠᠪᠳᠠᠭᠤᠯᠤᠨ ᠵᠢᠯᠣᠭᠤᠳᠴᠤ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ ᠳᠤ ᠪᠣᠳᠠᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号