ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/2
  4 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ  ᠃ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ᠂ ᠡᠪᠯᠡᠯ ᠤᠨ ᠬᠤᠷᠢᠶᠠᠨ ᠤ ᠱᠦᠵᠢ ᠺᠠᠩ ᠬᠤᠩ ᠪᠥᠸᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠢᠶᠠᠨ ᠭᠦᠸᠧ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠰᠢᠶᠠᠨ ᠹᠧᠩ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠶᠠᠩ ᠵᠢᠴᠢ ᠠᠬ᠎ᠠ ᠳᠡᠭᠦᠦ ᠬᠤᠰᠢᠭᠤ ᠰᠢᠶᠠᠨ ᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ᠂ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠬᠤᠭᠤᠴᠠᠭ᠎ᠠ ᠪᠦᠷᠢ ᠶᠢᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ  ᠃   ᠶᠡᠭᠡ ᠬᠤᠷᠠᠯ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠪᠣᠯᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠴᠢᠩᠭ᠎ᠠ ᠳᠠᠭᠤᠤ ᠶᠢᠨ ᠳᠤᠮᠳᠠ ᠡᠬᠢᠯᠡᠪᠡ  ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠡᠭᠡ ᠬᠤᠷᠠᠯ ᠳᠤ ᠦᠭᠡ ᠡᠷᠭᠦᠪᠡ  ᠃ ᠰᠢᠶᠠᠨ ᠤ ᠠᠵᠢᠯᠴᠢᠨ  ᠤ ᠡᠪᠯᠡᠯ ᠤᠨ ᠬᠠᠷᠢᠭᠤᠴᠠᠯᠭᠠᠲᠠᠨ ᠤᠯᠠᠨ ᠲᠦᠮᠡᠨ ᠤ ᠪᠦᠯᠬᠦᠮ ᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠢᠯᠡᠭᠡᠪᠡ  ᠃   ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠯᠪᠣᠭ᠎ᠠ ᠶᠢᠨ ᠱᠦᠵᠢ ᠺᠠᠩ ᠬᠤᠩ ᠪᠥᠸᠧ ᠶᠠᠷᠢᠶᠠᠨ ᠳᠠᠭᠠᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ᠂ ᠲᠦᠴᠢᠦᠸᠠᠨ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠨᠢ ᠰᠢᠨ᠎ᠡ ᠡᠭᠦᠳᠦᠯᠲᠡ ᠲᠠᠢ᠂ ᠵᠠᠯᠠᠭᠤᠴᠤᠳ ᠲᠠᠢ ᠬᠠᠷᠢᠯᠴᠠᠬᠤ ᠨᠢ ᠬᠠᠶᠢᠷ᠎ᠠ ᠰᠡᠳᠬᠢᠯᠭᠡ ᠲᠠᠢ ᠪᠠᠶᠢᠵᠤ᠂ ᠤᠯᠤᠰ ᠤᠨ ᠶᠡᠭᠡ ᠶᠢᠨ ᠲᠣᠭᠤᠷᠢᠨ ᠳᠤ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠡᠯ᠎ᠡ ᠵᠦᠢᠯ ᠤᠨ ᠠᠵᠢᠯ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠷᠨᠢᠭᠦᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠪᠡ  ᠃ ᠲᠡᠷᠡ ᠵᠢᠭᠠᠵᠤ ᠭᠠᠷᠭᠠᠭᠰᠠᠨ ᠨᠢ᠂ ᠲᠦᠴᠢᠦᠸᠠᠨ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠪᠦᠬᠦ ᠲᠠᠯ᠎ᠠ ᠪᠠᠷ ᠰᠤᠷᠤᠯᠴᠠᠬᠤ ᠬᠡᠷᠡᠭᠲᠡᠶ᠂ ᠪᠦᠬᠦ ᠲᠠᠯ᠎ᠠ ᠪᠠᠷ ᠡᠵᠡᠮᠰᠢᠬᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠂ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠠᠶᠢᠮᠠᠭ ᠤᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠢᠲᠡᠭᠡᠯ ᠵᠣᠷᠢᠭ ᠢᠶᠠᠨ ᠪᠠᠲᠤᠳᠬᠠᠬᠤ᠂ ᠨᠡᠭᠡᠭᠡᠨ ᠤᠷᠤᠭᠰᠢᠯᠠᠬᠤ᠂ ᠡᠪ ᠬᠠᠮᠲᠤ ᠵᠠᠯᠠᠭᠤᠴᠤᠳ ᠣᠨ ᠡᠪᠯᠡᠯ ᠤᠨ ᠠᠵᠢᠯ ᠤᠨ ᠦᠶᠯᠡᠴᠢᠯᠡᠭᠡᠨ ᠤ ᠲᠥᠪ ᠤᠨ ᠶᠡᠭᠡ ᠲᠠᠯ᠎ᠠ ᠶᠢᠨ ᠭᠠᠷᠳᠠᠬᠤ ᠴᠡᠭ ᠢ ᠣᠨᠣᠪᠴᠢᠲᠠᠶ ᠣᠯᠬᠤ ᠬᠡᠷᠡᠭᠲᠡᠶ᠂ ᠤᠶᠠᠯᠳᠤᠯ ᠴᠡᠭ᠂ ᠬᠦᠴᠦᠯᠡᠬᠦ ᠴᠡᠭ᠂ ᠵᠠᠯᠠᠭᠤ ᠺᠠᠳ᠋ᠷᠴᠤᠳ ᠢ ᠬᠠᠮᠤᠭ ᠤᠨ ᠥᠷᠭᠡᠨ ᠢᠶᠠᠷ ᠪᠦᠯᠬᠦᠮᠳᠡᠭᠦᠯᠬᠦ ᠬᠡᠷᠡᠭᠲᠡᠢ᠂ ᠵᠣᠬᠢᠶᠠᠨ ᠪᠠᠶᠢᠭᠤᠯᠬᠤ᠂ ᠳᠠᠶᠢᠴᠢᠯᠠᠬᠤ᠂ ᠵᠠᠯᠠᠭᠤᠴᠤᠳ ᠤᠨ ᠳᠥᠷᠪᠡᠨ ᠶᠡᠭᠡ ᠠᠵᠤ ᠦᠶᠯᠡᠰ ᠤᠨ ᠬᠡᠰᠡᠭ ᠲᠤ ᠬᠦᠴᠦᠨ ᠨᠡᠮᠡᠷᠢᠯᠡᠨ᠎ᠡ᠂ ᠲᠠᠪᠤᠨ ᠶᠡᠭᠡ ᠠᠵᠤ ᠦᠢᠯᠡᠰ ᠤᠨ ᠰᠦᠷᠦᠭᠵᠢᠯ᠂ ᠳᠣᠯᠣᠭᠠᠨ ᠵᠦᠶᠯ ᠤᠨ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠰᠡᠯ ᠵᠣᠷᠢᠭ ᠢᠶᠠᠨ ᠢᠯᠡᠷᠡᠭᠦᠯᠪᠡ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ  ᠃   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠢᠶᠠᠨ ᠭᠦᠸᠧ ᠰᠢᠶᠠᠨ ᠤ ᠳᠥᠷᠪᠡᠨ ᠶᠡᠭᠡ ᠪᠠᠭ ᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ  ᠃ ᠲᠡᠷᠡ᠂ ᠤᠢᠢᠷ᠎ᠠ ᠶᠢᠨ ᠵᠢᠯ ᠠᠴᠠ᠂ ᠡᠪᠯᠡᠯ ᠤᠨ ᠰᠢᠶᠠᠨ ᠤ ᠬᠤᠷᠢᠶ᠎ᠠ ᠪᠣᠯᠤᠨ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠢᠳᠡᠪᠬᠢᠲᠡᠢ ᠪᠠᠷ ᠤᠷᠤᠭᠰᠢᠯᠠᠨ ᠲᠠᠪᠰᠢᠵᠤ᠂ ᠡᠷᠡᠯᠬᠡᠭᠯᠡᠨ ᠲᠡᠮᠡᠴᠡᠵᠦ᠂ ᠡᠯ᠎ᠡ ᠲᠠᠯ᠎ᠠ ᠶᠢᠨ ᠠᠵᠢᠯ ᠴᠥᠮ ᠰᠠᠶᠢᠨ ᠠᠮᠵᠢᠯᠲᠠ ᠣᠯᠵᠠᠢ  ᠃ ᠪᠦᠬᠦ ᠰᠢᠶᠠᠨ ᠤ ᠥᠷᠭᠡᠨ ᠤᠯᠠᠨ ᠵᠠᠯᠠᠭᠤᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ 《 ᠲᠠᠪᠤᠨ ᠰᠠᠷ᠎ᠠ ᠶᠢᠨ ᠳᠦᠷᠪᠡᠨ 》 ᠤ ᠬᠥᠳᠡᠯᠭᠡᠭᠡᠨ ᠳᠤᠮᠳᠠᠬᠢ ᠵᠠᠯᠠᠭᠤ ᠨᠠᠰᠤᠨ ᠤ ᠲᠡᠮᠡᠴᠡᠯ ᠤᠨ ᠵᠣᠷᠢᠭ᠂ ᠤᠶᠤᠨ ᠰᠠᠨᠠᠭᠠᠨ ᠤ ᠬᠦᠴᠦᠨ ᠴᠢᠳᠠᠯ ᠢ ᠦᠷᠭᠦᠯᠵᠢᠯᠡᠨ ᠵᠠᠯᠭᠠᠮᠵᠢᠯᠠᠵᠤ᠂ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠦᠯᠦ ᠬᠥᠰᠡᠷᠳᠡᠭᠦᠯᠵᠦ᠂ ᠲᠦᠴᠢᠦᠸᠠᠨ ᠢ ᠪᠦᠲᠦᠭᠡᠨ ᠪᠠᠶᠢᠭᠤᠯᠬᠤ᠂ ᠨᠤᠲᠤᠭ ᠤᠰᠤ  ᠪᠠᠨ ᠬᠥᠭᠵᠢᠭᠦᠯᠦᠨ ᠮᠠᠨᠳᠤᠭᠤᠯᠬᠤ ᠢᠷᠠᠭᠤ ᠠᠯᠳᠠᠷᠲᠤ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠵᠠᠯᠠᠭᠤ ᠨᠠᠰᠤᠨ ᠤ ᠢᠷᠠᠭᠤ ᠲᠤᠤᠯᠢᠰ ᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ︕   ᠡᠪᠯᠡᠯ ᠤᠨ ᠰᠢᠶᠠᠨ ᠤ ᠬᠤᠷᠢᠶᠠᠨ ᠤ ᠬᠠᠷᠢᠭᠤᠴᠠᠯᠭᠠᠲᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ  ᠃    ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠵᠢᠴᠢ ᠪᠤᠰᠤᠳ ᠬᠤᠷᠠᠯ ᠤᠨ ᠵᠦᠶᠯᠡᠰ ᠢ ᠬᠢᠨᠠᠨ ᠵᠥᠪᠯᠡᠭᠰᠡᠨ ᠪᠥᠭᠡᠳ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢ ᠰᠣᠩᠭᠤᠨ ᠭᠠᠷᠭᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号