4 ᠰᠠᠷ᠎ᠠ ᠶᠢᠨ 29 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯ᠎ᠠ᠂ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠵᠢᠴᠢ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ | ᠳᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ 《 ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ 》 ᠢ ᠰᠤᠷᠤᠯᠴᠠᠪᠠ ᠃ ᠰᠢᠶᠠᠨ ᠤ ᠨᠠᠮ ᠤᠨ ᠬᠤᠷᠢᠶᠠᠨ | ᠤ ᠱᠦᠵᠢ ᠵᠠᠩ ᠱᠤᠸᠠᠩ ᠴᠧᠩ ᠬᠤᠷᠠᠯ ᠢ ᠡᠷᠭᠢᠯᠡᠪᠡ ᠃ | ᠲᠣᠰ ᠤᠳᠠᠭ᠎ᠠ ᠨᠣᠮ ᠤᠩᠰᠢᠬᠤ ᠠᠩᠭᠢ ᠶᠢᠨ ᠣᠨᠴᠠ ᠤᠷᠢᠭᠰᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠸᠠᠩ ᡁᠢ ᠫᠧᠩ 《 ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ 》 ᠤᠨ ᠲᠤᠬᠠᠶ ᠲᠠᠶᠢᠯᠤᠮᠵᠢ ᠬᠢᠪᠠ ᠃ | ᠬᠤᠷᠠᠯ ᠳᠤ ᠣᠷᠣᠯᠴᠠᠭᠰᠠᠳ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ | ᠥᠭᠬᠦ ᠲᠦᠷᠢᠮ 》 ᠢ ᠪᠦᠯᠦᠭ ᠵᠤᠷᠪᠤᠰ ᠳᠠᠷᠠᠭᠠᠯᠠᠨ ᠰᠤᠷᠤᠯᠴᠠᠭᠰᠠᠨ ᠪᠥᠭᠡᠳ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢᠨ | ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ | | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ ᠃ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠥᠮᠦᠵᠢᠯ ᠬᠦᠷᠲᠡᠵᠦ᠂ ᠨᠠᠮ ᠤᠨ ᠡᠯ᠎ᠡ ᠵᠦᠢᠯ | ᠤᠨ ᠰᠠᠬᠢᠯᠭ᠎ᠠ ᠪᠠᠲᠤ ᠶᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠃ ᠤᠨᠦᠯ | ᠤᠨ ᠰᠤᠷᠦᠯᠴᠡᠯᠭ᠎ᠠ ᠶᠢ ᠠᠳᠬᠤᠬᠤ ᠬᠡᠷᠡᠭᠲᠡᠢ ᠃ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠢ ᠵᠣᠬᠢᠶᠠᠨ | ᠪᠠᠶᠢᠭᠤᠯᠵᠤ᠂ 《 ᠲᠦᠷᠢᠮ 》 ᠢ ᠲᠡᠷᠡ ᠬᠡᠪ ᠢᠶᠠᠷ ᠨᠢ᠂ ᠦᠭᠡ ᠦᠰᠦᠭ ᠳᠠᠷᠠᠭᠠᠯᠠᠨ ᠰᠤᠷᠤᠯᠴᠠᠭᠤᠯᠵᠤ᠂ ᠮᠡᠳᠡᠬᠦ | ᠬᠢᠬᠦ ᠬᠢᠬᠦ ᠪᠠᠨ ᠵᠣᠭᠰᠣᠭᠠᠵᠤ᠂ ᠵᠠᠷᠯᠢᠭ ᠴᠠᠭᠠᠵᠠ ᠶᠢ ᠳᠠᠭᠠᠬᠤ ᠬᠡᠷᠡᠭᠲᠡᠢ ᠃ ᠰᠡᠳᠬᠢᠬᠦ ᠶᠢᠨ ᠳᠠᠭᠠᠤ ᠰᠤᠷᠤᠯᠴᠠᠵᠤ᠂ | ᠪᠢᠰᠢᠷᠡᠬᠦ ᠶᠢᠨ ᠳᠠᠭᠠᠤ ᠰᠤᠷᠤᠯᠴᠠᠵᠤ᠂ ᠥᠪᠡᠷ ᠢ ᠪᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠵᠤ᠂ | ᠠᠵᠢᠯ ᠢᠶᠠᠨ ᠪᠠᠭᠲᠠᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ | ᠬᠢᠵᠠᠭᠠᠷᠯᠠᠬᠤ ᠶᠢ ᠴᠢᠩᠭᠠᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠣᠯᠲᠠᠯ᠎ᠠ ᠰᠤᠷᠤᠯᠴᠠᠵᠤ᠂ ᠡᠷᠡᠰ ᠪᠠᠲᠤ | ᠢᠲᠡᠭᠡᠯ ᠪᠢᠰᠢᠷᠡᠯ ᠲᠠᠢ ᠪᠣᠯᠲᠠᠯ᠎ᠠ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠯ ᠲᠠᠢ ᠪᠣᠯᠲᠠᠯ᠎ᠠ ᠰᠤᠷᠤᠯᠴᠠᠬᠤ ᠶᠢ | ᠪᠠᠲᠤᠯᠠᠬᠤ ᠬᠡᠷᠡᠭᠲᠡᠢ ᠃ ᠠᠵᠢᠯ ᠤᠨ ᠰᠤᠷᠲᠠᠯ ᠢᠶᠠᠨ ᠪᠣᠳᠠᠲᠠᠶᠢᠵᠢᠭᠤᠯᠬᠤ ᠬᠡᠷᠡᠭᠲᠡᠶ ᠃ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠤᠨ ᠨᠠᠶᠢᠳᠠᠪᠤᠷᠢᠵᠢᠭᠤᠯᠬᠤ ᠬᠦᠴᠦᠨ ᠪᠣᠯᠤᠨ ᠭᠦᠢᠴᠡᠳᠬᠡᠬᠦ ᠬᠦᠴᠦᠨ ᠢ ᠤᠯᠠᠮ ᠴᠢᠨᠠᠭᠰᠢᠳᠠ | ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠴᠤᠭ ᠰᠦᠯᠳᠡ ᠶᠢ ᠪᠦᠬᠦ ᠲᠠᠯ᠎ᠠ ᠪᠠᠷ ᠪᠠᠳᠠᠷᠠᠭᠤᠯᠵᠤ᠂ 《 ᠬᠤᠶᠠᠷ ᠶᠡᠭᠡ ᠶᠠᠪᠤᠳᠠᠯ 》 ᠢ ᠭᠤᠣᠯᠳᠠᠯᠭ᠎ᠠ ᠲᠠᠢ | ᠰᠠᠶᠢᠲᠤᠷ ᠪᠡᠶᠡᠯᠡᠭᠦᠯᠵᠦ᠂ 《 ᠵᠢᠷᠭᠤᠭᠠᠨ ᠢᠨᠵᠧᠨᠧᠷᠢᠩ 》 ᠢ ᠰᠠᠶᠢᠲᠤᠷ ᠬᠢᠵᠦ᠂ ᠰᠢᠶᠠᠨ ᠤ ᠬᠡᠪᠴᠢᠶᠡᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠃ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠬᠤ ᠬᠡᠷᠡᠭᠲᠡᠶ ᠃ 《 ᠲᠦᠷᠢᠮ 》 ᠤᠨ ᠡᠯ᠎ᠡ ᠵᠦᠢᠯ ᠤᠨ | ᠲᠣᠭᠲᠠᠭᠠᠯ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠲᠤᠰ ᠪᠡᠶ᠎ᠡ ᠶᠢᠨ ᠠᠵᠢᠯᠯᠠᠭ᠎ᠠ ᠪᠠᠨ ᠵᠢᠷᠤᠮᠵᠢᠭᠤᠯᠵᠤ᠂ | ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ ᠴᠢᠩᠭᠠᠳᠬᠠᠵᠤ᠂ | 《 ᠪᠠᠭ᠎ᠠ ᠠᠯᠳᠠᠭ᠎ᠠ ᠶᠢ ᠪᠤᠷᠤᠭᠤ ᠪᠤᠳᠤᠬᠤ ᠦᠭᠡᠢ 》᠂ 《 ᠪᠠᠭ᠎ᠠ ᠬᠡᠰᠡᠭ ᠲᠤ ᠬᠤᠣᠷ ᠦᠭᠡᠢ 》 ᠭᠡᠬᠦ | ᠪᠤᠷᠤᠭᠤ ᠦᠵᠡᠯᠲᠡ ᠶᠢ ᠡᠷᠡᠰ ᠲᠠᠶᠠᠭᠳᠠᠵᠤ᠂ ᠦᠵᠡᠯ ᠰᠠᠨᠠᠭᠠᠨ ᠤ ᠲᠠᠯ᠎ᠠ ᠪᠠᠷ ᠬᠤᠷᠢᠭ᠎ᠠ ᠱᠤᠭᠤᠮ ᠢ ᠪᠠᠲᠤ ᠰᠠᠬᠢᠵᠤ | ᠂ ᠦᠢᠯᠡ ᠠᠵᠢᠯᠯᠠᠭ᠎ᠠ ᠶᠢᠨ ᠲᠠᠯ᠎ᠠ ᠪᠠᠷ ᠤᠯᠠᠭᠠᠨ ᠱᠤᠭᠤᠮ ᠳᠤ ᠬᠠᠯᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ | ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠳᠡᠭᠡᠷ ᠠᠵᠢᠯ | ᠶᠠᠪᠤᠳᠠᠯ ᠬᠢᠬᠦ ᠳᠤᠷᠠᠲᠠᠢ᠂ ᠠᠵᠢᠯ ᠶᠠᠪᠤᠳᠠᠯ ᠬᠢᠬᠦ ᠵᠣᠷᠢᠭᠲᠠᠢ ᠺᠠᠳ᠋ᠷ ᠢ ᠦᠨᠡᠨ ᠬᠦ ᠳᠠᠷᠤᠭᠠᠰᠤ ᠪᠠᠨ ᠲᠠᠶᠠᠭᠳᠠᠵᠤ᠂ | ᠳᠠᠷᠤᠭᠠᠰᠤ ᠦᠭᠡᠢ ᠪᠠᠷ ᠠᠵᠢᠯᠯᠠᠬᠤ ᠪᠣᠯᠭᠠᠬᠤ ᠬᠡᠷᠡᠭᠲᠡᠢ ᠃ | ᠬᠤᠷᠠᠯ ᠠᠴᠠ ᠪᠠᠰᠠ ᠠᠯᠪᠠᠨ ᠤ ᠲᠡᠷᠭᠡ ᠶᠢ ᠬᠡᠷᠡᠭᠯᠡᠬᠦ᠂ ᠠᠯᠪᠠᠨ ᠶᠠᠪᠤᠳᠠᠯ ᠢᠶᠠᠷ ᠵᠣᠴᠢᠯᠠᠬᠤ᠂ ᠭᠠᠳᠠᠭᠰᠢ | ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ | ᠴᠢᠯᠥᠭᠡ ᠭᠤᠶᠤᠬᠤ ᠴᠢᠯᠥᠭᠡ ᠬᠠᠰᠤᠬᠤ ᠲᠦᠷᠢᠮ ᠵᠡᠷᠭᠡ ᠠᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ ᠃ |