ᠬᠠᠪᠤᠷ ᠤᠨ ᠤᠯᠠᠷᠢᠯ ᠳᠤ ᠬᠤᠨᠢ ᠢᠮᠠᠭ᠎ᠠ ᠤᠰᠤᠯᠠᠬᠤ ᠴᠡᠭᠡᠷᠯᠡᠯ
ᠨᠡᠶᠢᠲᠡᠯᠡᠭᠰᠡᠨ ᠴᠠᠭ᠄
2024/5/2
  ᠤᠰᠤ ᠳᠤᠲᠠᠬᠤ ᠶᠢ ᠴᠡᠭᠡᠷᠯᠡᠬᠦ ᠬᠡᠷᠡᠭᠲᠡᠢ᠃ ᠣᠬᠤᠷ ᠬᠤᠭᠤᠴᠠᠭ᠎ᠠ ᠪᠠᠷ ᠤᠰᠤ ᠳᠤᠲᠠᠪᠠᠯ᠂ ᠬᠤᠨᠢ ᠢᠮᠠᠭᠠᠨ ᠤ ᠢᠳᠡᠭᠡᠨ ᠤ ᠳᠤᠷᠠᠰᠢᠯ ᠪᠠᠭᠤᠷᠠᠵᠤ᠂ ᠦᠢᠯᠡᠳᠪᠦᠷᠢᠯᠡᠯ ᠤᠨ ᠬᠦᠴᠦᠨ ᠪᠠᠭᠤᠷᠠᠳᠠᠭ ︔ ᠤᠷᠲᠤ ᠬᠤᠭᠤᠴᠠᠭ᠎ᠠ ᠪᠠᠷ ᠤᠰᠤ ᠳᠤᠲᠠᠪᠠᠯ ᠬᠤᠨᠢ ᠢᠮᠠᠭᠠᠨ ᠤ ᠭᠦᠵᠡᠭᠡᠨ ᠤ ᠢᠰᠬᠡᠯᠲᠡ ᠬᠦᠴᠢᠷᠳᠡᠵᠦ᠂ ᠰᠢᠩᠭᠡᠭᠡᠯᠲᠡ ᠮᠠᠭᠤᠳᠠᠨ᠂ ᠢᠳᠡᠰᠢ ᠰᠢᠩᠭᠡᠬᠦ ᠦᠭᠡᠢ ᠪᠤᠶᠤ ᠰᠠᠷᠬᠢᠨᠠᠭ ᠬᠠᠲᠠᠬᠤ ᠵᠡᠷᠭᠡ ᠡᠪᠡᠳᠴᠢᠨ ᠳᠤ ᠨᠡᠷᠪᠡᠭᠳᠡᠵᠦ᠂ ᠦᠷᠭᠦᠯᠵᠢᠯᠡᠨ ᠪᠠᠰᠠ ᠤᠰᠤ ᠬᠠᠩᠭᠠᠵᠤ ᠥᠭᠬᠦ ᠦᠭᠡᠢ ᠪᠣᠯ ᠬᠤᠨᠢ ᠢᠮᠠᠭ᠎ᠠ ᠦᠬᠦᠬᠦ ᠠᠶᠤᠯᠲᠠᠢ ᠪᠠᠶᠢᠳᠠᠭ᠃ ᠡᠩ ᠤᠨ ᠪᠠᠶᠢᠳᠠᠯ ᠳᠤ ᠬᠤᠨᠢ ᠢᠮᠠᠭ᠎ᠠ 1 ᠺᠢᠯᠣᠭ᠍ᠷᠠᠮ ᠡᠪᠡᠰᠦ ᠪᠣᠷᠳᠤᠭ᠎ᠠ ᠢᠳᠡᠬᠦ ᠪᠦᠷᠢ 2-3 ᠺᠢᠯᠣᠭ᠍ᠷᠠᠮ ᠤᠰᠤ ᠬᠡᠷᠡᠭᠰᠡᠳᠡᠭ᠃ ᠡᠶᠢᠮᠦ ᠠᠴᠠ ᠡᠳᠦᠷ ᠪᠦᠷᠢ ᠬᠤᠶᠠᠷ ᠤᠳᠠᠭ᠎ᠠ ᠤᠰᠤᠯᠠᠬᠤ ᠶᠢ ᠪᠠᠷᠢᠮᠲᠠᠯᠠᠵᠤ᠂ ᠬᠠᠨᠲᠠᠯ᠎ᠠ ᠤᠰᠤᠯᠠᠨ᠂ ᠬᠤᠨᠢ ᠢᠮᠠᠭᠠᠨ ᠤ ᠡᠳᠦᠷ ᠳᠤᠲᠤᠮ ᠤᠨ ᠤᠰᠤᠨ ᠤ ᠬᠡᠷᠡᠭᠴᠡᠭᠡ ᠶᠢ ᠭᠦᠢᠴᠡᠳ ᠬᠠᠩᠭᠠᠬᠤ ᠬᠡᠷᠡᠭᠲᠡᠢ᠃    ᠬᠦᠢᠲᠡᠨ ᠤᠰᠤ ᠤᠤᠭᠤᠬᠤ ᠶᠢ ᠴᠡᠭᠡᠷᠯᠡᠬᠦ ᠬᠡᠷᠡᠭᠲᠡᠢ᠃ ᠡᠪᠦᠯ ᠬᠠᠪᠤᠷ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ᠂ ᠪᠡᠯᠴᠢᠭᠡᠷ ᠤᠨ ᠡᠪᠡᠰᠦ ᠬᠠᠳᠠᠵᠤ᠂ ᠤᠰᠤᠨ ᠤ ᠠᠭᠤᠯᠤᠭᠳᠠᠬᠤᠨ ᠪᠠᠭᠠᠰᠴᠤ᠂ ᠬᠤᠨᠢ ᠢᠮᠠᠭ᠎ᠠ ᠠᠮᠠᠷᠬᠠᠨ ᠤᠮᠳᠠᠭᠠᠰᠴᠤ᠂ ᠬᠡᠷᠡᠭᠰᠡᠬᠦ ᠤᠰᠤᠨ ᠤ ᠬᠡᠮᠵᠢᠶ᠎ᠡ ᠨᠢ ᠨᠡᠮᠡᠭᠳᠡᠳᠡᠭ᠃ ᠬᠤᠨᠢ ᠢᠮᠠᠭ᠎ᠠ ᠬᠦᠢᠲᠡᠨ ᠠᠴᠠ ᠠᠶᠤᠵᠤ᠂ ᠬᠦᠢᠲᠡᠨ ᠤᠰᠤ ᠤᠤᠭᠤᠬᠤ ᠳᠤᠷ᠎ᠠ ᠦᠭᠡᠢ ᠪᠠᠶᠢᠳᠠᠭ᠂ ᠡᠶᠢᠮᠦ ᠠᠴᠠ ᠪᠦᠯᠢᠶᠡᠨ ᠤᠰᠤ ᠤᠤᠭᠤᠯᠭᠠᠪᠠᠯ ᠵᠣᠬᠢᠨ᠎ᠠ᠃ ᠬᠡᠷᠪᠡ ᠪᠦᠯᠢᠶᠡᠨ ᠤᠰᠤ ᠤᠤᠭᠤᠬᠤ ᠨᠥᠬᠦᠴᠡᠯ ᠦᠭᠡᠢ ᠪᠣᠯ ᠬᠠᠮᠤᠭ ᠰᠠᠶᠢᠨ ᠨᠢ ᠭᠦᠨ ᠬᠤᠳᠳᠤᠭ ᠤᠨ ᠤᠰᠤ ᠶᠢ ᠤᠤᠭᠤᠯᠭᠠᠪᠠᠯ ᠵᠣᠬᠢᠨ᠎ᠠ᠃ ᠭᠡᠬᠦ ᠳᠡᠭᠡᠨ ᠤᠤᠭᠤᠯᠭᠠᠬᠤ ᠶᠢᠨ ᠳᠠᠭᠠᠤ ᠤᠰᠤ ᠪᠠᠨ ᠨᠡᠮᠡᠵᠦ ᠲᠠᠲᠠᠬᠤ ᠬᠡᠷᠡᠭᠲᠡᠢ ᠪᠠᠶᠢᠵᠤ᠂ ᠡᠰᠡ ᠲᠡᠭᠡᠪᠡᠯ ᠤᠰᠤ ᠮᠠᠰᠢ ᠲᠦᠷᠭᠡᠨ ᠢᠶᠠᠷ ᠬᠦᠢᠲᠡᠨ ᠪᠣᠯᠳᠠᠭ᠃    ᠴᠠᠰᠤ ᠪᠠᠷ ᠤᠰᠤ ᠶᠢ ᠣᠷᠣᠯᠠᠭᠤᠯᠬᠤ ᠶᠢ ᠴᠡᠭᠡᠷᠯᠡᠬᠦ ᠬᠡᠷᠡᠭᠲᠡᠢ᠃ ᠡᠪᠦᠯ ᠬᠠᠪᠤᠷ ᠤᠨ ᠤᠯᠠᠷᠢᠯ ᠳᠤ ᠵᠠᠷᠢᠮ ᠬᠥᠮᠥᠨ ᠴᠠᠰᠤ ᠪᠠᠷ ᠤᠰᠤ ᠶᠢ ᠣᠷᠣᠯᠠᠭᠤᠯᠵᠤ ᠬᠤᠨᠢ ᠢᠮᠠᠭ᠎ᠠ ᠪᠠᠨ ᠤᠰᠤᠯᠠᠳᠠᠭ᠃ ᠡᠨᠡ ᠬᠦ ᠠᠷᠭ᠎ᠠ ᠶᠢ ᠬᠡᠷᠡᠭᠯᠡᠵᠦ ᠪᠣᠯᠬᠤ ᠦᠭᠡᠢ᠃ ᠤᠴᠢᠷ ᠨᠢ ᠴᠠᠰᠤ ᠪᠠᠷ ᠤᠰᠤ ᠶᠢ ᠣᠷᠣᠯᠠᠭᠤᠯᠪᠠᠯ ᠬᠤᠨᠢᠨ ᠤ ᠪᠡᠶ᠎ᠡ ᠶᠢᠨ ᠬᠠᠯᠠᠭᠤᠨ ᠢ ᠶᠡᠭᠡ ᠬᠡᠮᠵᠢᠶ᠎ᠡ ᠪᠠᠷ ᠬᠤᠷᠣᠭᠳᠠᠭᠤᠯᠵᠤ᠂ ᠪᠡᠶ᠎ᠡ ᠶᠢᠨ ᠬᠦᠨᠳᠦ ᠶᠢ ᠨᠢ ᠮᠠᠰᠢ ᠲᠦᠷᠭᠡᠨ ᠪᠠᠭᠤᠷᠠᠭᠤᠯᠵᠤ᠂ ᠭᠡᠭᠡᠯ ᠲᠠᠢ ᠬᠤᠨᠢ ᠢᠮᠠᠭ᠎ᠠ ᠶᠢ ᠠᠮᠠᠷᠬᠠᠨ ᠭᠡᠭᠡᠯ ᠬᠠᠶᠠᠭᠤᠯᠳᠠᠭ᠃    ᠥᠯᠥᠨ ᠢᠶᠠᠷ ᠤᠰᠤ ᠤᠤᠭᠤᠬᠤ ᠶᠢ ᠴᠡᠭᠡᠷᠯᠡᠬᠦ ᠬᠡᠷᠡᠭᠲᠡᠢ᠃ ᠥᠷᠯᠥᠭᠡ ᠡᠷᠲᠡ ᠬᠤᠨᠢ ᠢᠮᠠᠭ᠎ᠠ ᠥᠯᠥᠨ ᠢᠶᠠᠷ ᠬᠦᠢᠲᠡᠨ ᠤᠰᠤ ᠤᠤᠭᠤᠪᠠᠯ ᠪᠡᠶ᠎ᠡ ᠶᠢᠨ ᠬᠠᠯᠠᠭᠤᠨ ᠢ ᠨᠢ ᠲᠦᠷᠭᠡᠨ ᠪᠠᠭᠤᠷᠠᠭᠤᠯᠵᠤ᠂ ᠠᠮᠠᠷᠬᠠᠨ ᠬᠢᠮᠤᠷᠠᠵᠤ ᠬᠠᠯᠠᠭᠤᠷᠠᠬᠤ ᠪᠤᠶᠤ ᠭᠡᠳᠡᠰᠦ ᠨᠢ ᠡᠪᠡᠳᠳᠡᠭ᠃ ᠡᠪᠡᠰᠦ ᠪᠣᠷᠳᠤᠭ᠎ᠠ ᠲᠡᠵᠢᠭᠡᠭᠰᠡᠨ ᠤ ᠳᠠᠷᠠᠭ᠎ᠠ ᠪᠤᠶᠤ ᠮᠠᠯ ᠢᠶᠠᠨ ᠬᠠᠷᠢᠭᠤᠯᠤᠭᠰᠠᠨ ᠤ ᠳᠠᠷᠠᠭ᠎ᠠ ᠤᠰᠤ ᠤᠤᠭᠤᠯᠭᠠᠪᠠᠯ ᠵᠣᠬᠢᠨ᠎ᠠ᠃    ᠪᠤᠯᠢᠶᠠᠯᠳᠤᠵᠦ ᠬᠡᠲᠦᠷᠡᠲᠡᠯ᠎ᠡ ᠤᠤᠭᠤᠬᠤ ᠶᠢ ᠴᠡᠭᠡᠷᠯᠡᠬᠦ ᠬᠡᠷᠡᠭᠲᠡᠢ᠃ ᠬᠤᠨᠢ ᠢᠮᠠᠭᠠᠨ ᠤ ᠰᠦᠷᠦᠭ ᠲᠤ ᠪᠠᠨ ᠬᠤᠷᠭᠤᠳᠠᠬᠤ ᠴᠢᠨᠠᠷ ᠨᠢ ᠮᠠᠰᠢ ᠴᠢᠩᠭ᠎ᠠ ᠪᠠᠶᠢᠵᠤ᠂ ᠲᠦᠷᠦᠭᠦᠦ ᠬᠤᠨᠢ ᠨᠢ ᠡᠬᠢᠯᠡᠵᠦ ᠤᠰᠤ ᠤᠤᠭᠤᠪᠠᠯ᠂ ᠪᠤᠰᠤᠳ ᠬᠤᠨᠢ ᠨᠢ ᠲᠡᠭᠦᠨ ᠤ ᠬᠤᠶᠢᠨ᠎ᠠ ᠠᠴᠠ ᠪᠤᠯᠢᠶᠠᠯᠳᠤᠨ ᠤᠤᠭᠤᠳᠠᠭ ᠪᠣᠯᠬᠤᠷ ᠴᠢᠩᠭ᠎ᠠ ᠬᠤᠷᠢᠭᠯᠠᠬᠤ ᠬᠡᠷᠡᠭᠲᠡᠢ᠃ ᠠᠷᠭ᠎ᠠ ᠬᠡᠯᠪᠡᠷᠢ ᠨᠢ ᠤᠰᠤᠨ ᠤ ᠰᠠᠪᠠᠨ ᠳᠤ ᠬᠡᠪᠡᠭ ᠪᠤᠶᠤ ᠠᠭ᠎ᠠ ᠰᠠᠴᠤᠨ᠎ᠠ᠃ ᠵᠢᠱᠢᠶᠡᠯᠡᠪᠡᠯ ᠬᠤᠨᠢ ᠢᠮᠠᠭ᠎ᠠ ᠭᠤᠣᠯ ᠤᠨ ᠤᠰᠤ ᠶᠢ ᠤᠤᠭᠤᠬᠤ ᠦᠶ᠎ᠡ ᠳᠤ ᠬᠥᠮᠦᠨ ᠨᠢ ᠬᠤᠨᠢᠨ ᠰᠦᠷᠦᠭ ᠤᠨ ᠢᠶᠠᠨ ᠡᠮᠦᠨ᠎ᠡ ᠵᠣᠭᠰᠣᠵᠤ᠂ ᠬᠤᠨᠢ ᠢᠮᠠᠭ᠎ᠠ ᠪᠠᠨ ᠰᠠᠶᠢᠲᠤᠷ ᠬᠠᠷᠠᠵᠤ ᠪᠤᠯᠢᠶᠠᠯᠳᠤᠵᠤ ᠭᠡᠲᠦᠷᠡᠲᠡᠯ᠎ᠡ ᠤᠤᠭᠤᠬᠤ ᠠᠴᠠ ᠰᠡᠷᠭᠡᠶᠢᠯᠡᠬᠦ ᠬᠡᠷᠡᠭᠲᠡᠢ᠃    ᠤᠰᠤ ᠤᠤᠭᠤᠭᠰᠠᠨ ᠤ ᠳᠠᠷᠠᠭ᠎ᠠ ᠬᠥᠳᠡᠯᠬᠦ ᠦᠭᠡᠢ ᠪᠠᠶᠢᠬᠤ ᠶᠢ ᠴᠡᠭᠡᠷᠯᠡᠬᠦ ᠬᠡᠷᠡᠭᠲᠡᠢ᠃ ᠬᠤᠨᠢ ᠢᠮᠠᠭ᠎ᠠ ᠶᠢ ᠬᠠᠷᠢᠭᠤᠯᠬᠤ ᠳᠤ ᠤᠰᠤ ᠤᠤᠭᠤᠯᠭᠠᠭᠰᠠᠨ ᠤ ᠳᠠᠷᠠᠭ᠎ᠠ ᠬᠥᠳᠡᠯᠬᠦ ᠦᠭᠡᠢ ᠪᠤᠶᠤ ᠤᠭ ᠤᠨ ᠴᠠᠭᠠᠷᠢᠭ ᠲᠤᠨᠢ ᠠᠮᠠᠷᠠᠭᠤᠯᠵᠤ ᠪᠣᠯᠬᠤ ᠦᠭᠡᠢ᠂ ᠦᠷᠭᠦᠯᠵᠢᠯᠡᠨ ᠬᠠᠷᠢᠭᠤᠯᠵᠤ᠂ ᠪᠡᠶ᠎ᠡ ᠶᠢᠨ ᠢᠯᠴᠢ ᠶᠢᠨ ᠬᠡᠮᠵᠢᠶ᠎ᠡ ᠶᠢ ᠨᠢ ᠨᠡᠮᠡᠭᠳᠡᠭᠦᠯᠦᠨ᠂ ᠰᠡᠷᠡᠯᠵᠢᠯ ᠢ ᠪᠠᠭᠠᠰᠬᠠᠬᠤ ᠬᠡᠷᠡᠭᠲᠡᠢ᠃ ᠬᠤᠨᠢ ᠢᠮᠠᠭ᠎ᠠ ᠶᠢ ᠬᠠᠰᠢᠶᠠᠯᠠᠨ ᠲᠡᠵᠢᠭᠡᠬᠦ ᠳᠡᠭᠡᠨ ᠤᠷᠢᠳ ᠢᠶᠠᠷ ᠡᠪᠡᠰᠦ ᠪᠣᠷᠳᠤᠭ᠎ᠠ ᠶᠢ ᠨᠢ ᠢᠳᠡᠭᠦᠯᠦᠭᠰᠡᠨ ᠤ ᠳᠠᠷᠠᠭ᠎ᠠ ᠤᠰᠤ ᠤᠤᠭᠤᠯᠭᠠᠵᠤ᠂ ᠳᠠᠷᠠᠭ᠎ᠠ ᠨᠢ ᠬᠠᠭᠤᠷᠠᠢ ᠡᠪᠡᠰᠦ ᠲᠡᠵᠢᠭᠡᠵᠦ᠂ ᠢᠯᠴᠢ ᠶᠢᠨ ᠬᠡᠮᠵᠢᠶ᠎ᠡ ᠶᠢ ᠨᠢ ᠨᠡᠮᠡᠭᠳᠡᠭᠦᠯᠦᠨ᠎ᠡ᠃    ᠦᠬᠦᠮᠡᠯ ᠤᠰᠤ ᠤᠤᠭᠤᠬᠤ ᠶᠢ ᠴᠡᠭᠡᠷᠯᠡᠬᠦ ᠬᠡᠷᠡᠭᠲᠡᠢ᠃ ᠦᠬᠦᠮᠡᠯ ᠤᠰᠤᠨ ᠳᠤ ᠦᠷᠭᠦᠯᠵᠢ ᠰᠢᠮᠡᠬᠦᠷ ᠬᠤᠷᠣᠬᠠᠢ ᠶᠢᠨ ᠥᠨᠳᠡᠭᠡ ᠬᠤᠯᠢᠯᠳᠤᠵᠤ ᠪᠠᠶᠢᠳᠠᠭ᠂ ᠬᠤᠨᠢ ᠢᠮᠠᠭ᠎ᠠ ᠦᠬᠦᠮᠡᠯ ᠤᠰᠤ ᠶᠢ ᠤᠤᠭᠤᠪᠠᠯ ᠰᠢᠮᠡᠬᠦᠷ ᠬᠤᠷᠣᠬᠠᠢ ᠶᠢᠨ ᠡᠪᠡᠳᠴᠢᠨ ᠳᠤ ᠨᠡᠷᠪᠡᠭᠳᠡᠵᠦ ᠮᠡᠳᠡᠨ᠎ᠡ᠃ ᠡᠶᠢᠮᠦ ᠠᠴᠠ ᠬᠤᠨᠢ ᠢᠮᠠᠭᠠᠨ ᠳᠤ ᠦᠬᠦᠮᠡᠯ ᠤᠰᠤ ᠤᠤᠭᠤᠯᠭᠠᠬᠤ ᠶᠢ ᠴᠡᠭᠡᠷᠯᠡᠬᠦ ᠬᠡᠷᠡᠭᠲᠡᠢ᠃    ᠰᠤᠪᠠᠭ ᠤᠨ ᠤᠰᠤ ᠤᠤᠭᠤᠬᠤ ᠶᠢ ᠴᠡᠭᠡᠷᠯᠡᠬᠦ ᠬᠡᠷᠡᠭᠲᠡᠢ᠃ ᠲᠠᠷᠢᠶᠠᠨ ᠭᠠᠵᠠᠷ ᠠᠴᠠ ᠤᠷᠤᠰᠤᠨ ᠭᠠᠷᠴᠤ ᠢᠷᠡᠭᠰᠡᠨ ᠭᠤᠤ ᠶᠢᠨ ᠤᠰᠤᠨ ᠳᠤ ᠦᠷᠭᠦᠯᠵᠢ ᠲᠠᠷᠢᠶᠠᠨ ᠡᠮ ᠪᠤᠶᠤ ᠬᠢᠮᠢ ᠶᠢᠨ ᠪᠣᠷᠳᠣᠭᠤᠷ ᠠᠭᠤᠯᠵᠤ᠂ ᠬᠤᠨᠢ ᠢᠮᠠᠭ᠎ᠠ ᠠᠮᠠᠷᠬᠠᠨ ᠬᠤᠣᠷᠳᠠᠭᠳᠠᠬᠤ ᠠᠶᠤᠯᠲᠠᠢ᠂ ᠬᠤᠨᠢ ᠢᠮᠠᠭ᠎ᠠ ᠶᠢ ᠤᠰᠤᠯᠠᠬᠤ ᠪᠤᠶᠤ ᠲᠡᠵᠢᠭᠡᠯ ᠪᠣᠷᠳᠤᠭ᠎ᠠ ᠶᠢᠨ ᠨᠠᠶᠢᠷᠠᠭᠤᠯᠭ᠎ᠠ ᠳᠤ ᠬᠡᠷᠡᠭᠯᠡᠬᠦ ᠳᠤ ᠲᠣᠬᠢᠷᠠᠮᠵᠢ ᠦᠭᠡᠢ ᠪᠠᠶᠢᠳᠠᠭ᠃ ᠬᠤᠨᠢ ᠢᠮᠠᠭᠠᠨ ᠳᠤ ᠭᠠᠰᠢᠭᠤᠷᠠᠭᠰᠠᠨ ᠬᠤᠳᠳᠤᠭ ᠤᠨ ᠤᠰᠤ ᠤᠤᠭᠤᠯᠭᠠᠵᠤ ᠪᠣᠯᠬᠤ ᠦᠭᠡᠢ᠂ ᠨᠡᠩ ᠴᠤ ᠬᠡᠭᠡᠷ᠎ᠡ ᠶᠢᠨ ᠡᠪᠡᠰᠦ᠂ ᠬᠡᠭᠡᠷ᠎ᠡ ᠶᠢᠨ ᠨᠣᠭᠤᠭ᠎ᠠ ᠳᠡᠪᠲᠦᠭᠡᠭᠰᠡᠨ ᠴᠥᠭᠦᠷᠥᠮ ᠤᠨ ᠤᠰᠤ ︵ᠶᠡᠭᠡ ᠬᠡᠮᠵᠢᠶᠡᠨ ᠤ ᠠᠽᠣᠲ ᠬᠦᠴᠢᠯ ᠤᠨ ᠳᠠᠪᠤᠰᠤ ᠠᠭᠤᠯᠳᠠᠭ︶ ᠶᠢ ᠤᠤᠭᠤᠯᠭᠠᠵᠤ ᠪᠣᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号