ᠲᠦᠴᠢᠦᠸᠠᠨ ᠰᠢᠶᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ— ︽ᠤᠯᠠᠭᠠᠨ ᠲᠠᠪᠤᠳᠤᠭᠠᠷ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/20
   ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠬᠠᠮᠲᠤᠷᠠᠯ ᠬᠦᠴᠦᠨ ᠢ ᠠᠬᠢᠭᠤᠯᠵᠤ᠂ ᠵᠢᠭᠤᠯᠴᠢᠯᠠᠯ ᠤᠨ ᠦᠶᠯᠡᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠠᠬᠢᠭᠤᠯᠬᠤ᠂ ᠰᠣᠶᠣᠯ ᠢ ᠤᠯᠠᠮᠵᠢᠯᠠᠬᠤ᠂ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠢᠳᠡᠪᠬᠢᠲᠡᠶ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ ᠰᠢᠶᠠᠨ ᠤ ᠬᠡᠪᠴᠢᠶᠡᠨ ᠤ ᠪᠦᠬᠦᠯᠢ ᠴᠣᠭᠴᠠ ᠶᠢᠨ ᠵᠢᠭᠤᠯᠴᠢᠯᠠᠯ ᠤᠨ ᠳᠦᠷᠢ ᠲᠥᠷᠬᠦ ᠶᠢ ᠪᠥᠬᠦ ᠲᠠᠯ᠎ᠠ  ᠪᠠᠷ᠂ ᠣᠯᠠᠨ ᠬᠠᠷᠠᠭᠠᠰᠤ᠂ ᠭᠦᠨ ᠳᠠᠪᠬᠤᠷᠭ᠎ᠠ ᠪᠠᠷ ᠳᠡᠯᠭᠡᠨ ᠦᠵᠡᠭᠦᠯᠵᠦ᠂ 2024 ᠣᠨ ᠤ 5 ᠰᠠᠷ᠎ᠠ ᠶᠢᠨ 18  ᠤ ᠡᠳᠦᠷ ᠲᠦᠴᠢᠦᠸᠠᠨ ᠰᠢᠶᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠪᠡ᠂ ᠲᠣᠰ ᠤᠳᠠᠭᠠᠨ ᠤ ᠠᠵᠢᠯᠯᠠᠭ᠎ᠠ ᠨᠢ ︽ᠳᠤᠮᠳᠠᠳᠤ ᠤᠯᠤᠰ ᠲᠤ ᠰᠠᠭᠠᠳ ᠥᠬᠡᠶ ᠵᠢᠭᠤᠯᠴᠢᠯᠠᠵᠤ᠂ ᠵᠣᠯ ᠵᠢᠷᠭᠠᠯ ᠲᠠᠢ ᠠᠮᠢᠳᠤᠷᠠᠬᠤ︾ ᠪᠠᠷ ᠭᠤᠤᠯ ᠰᠡᠳᠦᠪ ᠪᠣᠯᠭᠠᠵᠤ᠂ ᠲᠦᠴᠢᠦᠸᠠᠨ ᠰᠢᠶᠠᠨ ᠤ ᠪᠡᠶ᠎ᠡ  ᠶᠢᠨ ᠲᠠᠮᠢᠷ ᠶᠢᠨ ᠤᠳᠤᠨ ᠲᠤᠰ ᠤᠳᠠᠭᠠᠨ ᠤ ᠬᠠᠮᠢᠶ᠎ᠠ ᠪᠦᠬᠦᠢ ᠲᠠᠮᠢᠷ ᠤᠨ ᠤᠷᠤᠯᠳᠤᠭᠠᠨ ᠤ ᠬᠦᠳᠡᠯᠭᠡᠭᠡᠨ ᠢ ᠲᠠᠭᠠᠭᠠᠴᠢᠯᠠᠨ ᠡᠷᠬᠢᠯᠡᠵᠡᠢ᠃    5 ᠰᠠᠷ᠎ᠠ ᠶᠢᠨ 18 ᠤ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠬᠢᠩᠭᠠᠨ ᠠᠶᠢᠮᠠᠭ ᠤᠨ ᠪᠡᠶ᠎ᠡ  ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠶᠯᠡᠴᠢᠯᠡᠭᠡᠨ ᠤ ᠲᠥᠪ ᠤᠨ ᠳᠠᠭᠠᠭᠠᠴᠢᠯᠠᠨ ᠡᠷᠭᠢᠯᠡᠭᠰᠡᠨ ︽ᠳᠤᠮᠳᠠᠳᠤ ᠤᠯᠤᠰ ᠤᠨ ᠵᠣᠯ ᠵᠢᠷᠭᠠᠯᠲᠤ ᠠᠮᠢᠳᠤᠷᠠᠯ︾ ᠤᠨ 14 ᠳ᠋ᠦ᠋ᠭᠡᠷ ᠳᠤᠮᠳᠠᠳᠤ ᠤᠯᠤᠰ ᠤᠨ ᠵᠢᠭᠤᠯᠴᠢᠯᠠᠯ  ᠤᠨ ᠡᠳᠦᠷ ᠤᠨ ᠰᠢᠷᠢᠰ ᠠᠵᠢᠯᠯᠠᠭ᠎ᠠ ᠶᠢᠨ ᠭᠤᠴᠢᠳᠤᠭᠠᠷ ᠬᠤᠭᠤᠴᠠᠭᠠᠨ ᠤ ︽ᠤᠯᠠᠭᠠᠨ ᠲᠠᠪᠤᠳᠤᠭᠠᠷ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃    ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠵᠢᠯᠲᠠᠨ᠂ ᠨᠡᠶᠢᠭᠡᠮᠯᠢᠭ᠂ ᠺᠯᠦ᠋ᠪ ᠵᠡᠷᠭᠡ 21 ᠲᠥᠯᠥᠭᠡᠯᠡᠭᠴᠢᠳ ᠤᠨ ᠠᠩᠭᠢ ᠶᠢᠨ 160 ᠭᠠᠷᠤᠶ ᠬᠥᠮᠦᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ ᠲᠦᠴᠢᠦᠸᠠᠨ ᠰᠢᠶᠠᠨ ᠤ ︽ᠤᠯᠠᠭᠠᠨ ᠲᠠᠪᠤᠳᠤᠭᠠᠷ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠨᠢᠭᠡᠨᠲᠡ ᠵᠠᠯᠭᠠᠭ᠎ᠠ ᠪᠠᠷ 30 ᠬᠤᠭᠤᠴᠠᠭ᠎ᠠ ᠶᠠᠪᠤᠭᠳᠠᠵᠤ᠂ ᠮᠠᠨ ᠤ ᠰᠢᠶᠠᠨ ᠤ ᠬᠡᠪᠴᠢᠶ᠎ᠡ ᠪᠠᠷ ᠬᠠᠮᠤᠭ ᠤᠨ ᠶᠡᠭᠡ᠂ ᠳᠤᠭᠤᠶᠢᠯᠠᠩ ᠬᠠᠮᠤᠭ ᠤᠨ ᠣᠯᠠᠨ᠂ ᠣᠷᠣᠯᠴᠠᠬᠤ ᠬᠡᠪᠴᠢᠶ᠎ᠡ ᠪᠠᠷ ᠬᠠᠮᠤᠭ ᠤᠨ ᠥᠷᠭᠡᠨ ᠨᠠᠷᠠᠲᠤ ᠲᠡᠮᠳᠡᠭ ᠤᠨ ᠤᠷᠤᠯᠳᠤᠭᠠᠨ ᠤ ᠨᠢᠭᠡ ᠪᠣᠯᠵᠠᠶ᠃ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠠᠳ ᠲᠠᠢ ᠬᠠᠮᠲᠤ ᠤᠷᠤᠯᠳᠤᠭᠠᠨ ᠳᠤ ᠣᠷᠣᠯᠴᠠᠵᠤ᠂ ᠬᠠᠶᠢᠷ᠎ᠠ ᠰᠡᠳᠬᠢᠯᠭᠡ ᠪᠠᠨ ᠰᠣᠯᠢᠯᠴᠠᠵᠤ᠂ ᠨᠥᠬᠦᠷᠯᠡᠯ ᠢᠶᠠᠨ ᠵᠤᠵᠠᠭᠠᠳᠬᠠᠬᠤ ᠳᠤ ᠲᠠᠪᠴᠠᠩ ᠪᠠᠶᠢᠭᠤᠯᠵᠤ᠂ ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠳᠠᠪᠰᠢᠬᠤ᠂ ᠥᠷᠨᠢᠭᠦᠨ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠳᠤ ᠠᠴᠢᠶᠠᠯᠠᠪᠤᠷᠢ ᠬᠠᠩᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠤᠬᠠᠭᠤᠯᠤᠨ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠳᠤ ᠦᠯᠢᠭᠡᠷ ᠳᠠᠭᠤᠷᠢᠶᠠᠯ ᠪᠣᠯᠵᠠᠶ᠃    ︽ᠤᠯᠠᠭᠠᠨ ᠲᠠᠪᠤᠳᠤᠭᠠᠷ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠬᠤ ᠶᠢᠨ ᠬᠠᠮᠲᠤ᠂ 5 ᠰᠠᠷ᠎ᠠ ᠶᠢᠨ 18 ᠤ ᠦᠳᠡ ᠶᠢᠨ ᠬᠤᠶᠢᠨ᠎ᠠ ᠲᠦᠴᠢᠦᠸᠠᠨ ᠰᠢᠶᠠᠨ ᠤ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠴᠢᠦᠸᠠᠨ ᠰᠢᠶᠠᠨ ᠤ ᠯᠢ ᠮᠢᠨ ᠨᠡᠶᠢᠭᠡᠮ ᠲᠣᠭᠤᠷᠢᠭ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ 14 ᠳ᠋ᠦ᠋ᠭᠡᠷ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠷᠢᠰ ᠠᠵᠢᠯᠯᠠᠭ᠎ᠠ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠪᠡ᠂ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠮᠲᠤ ᠪᠠᠷ ᠡᠷᠡᠮᠡᠬᠡᠶᠢᠯᠡᠨ ᠤᠷᠤᠭᠰᠢᠯᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠢᠷᠡᠭᠡᠳᠦᠶ ᠪᠠᠨ ᠵᠣᠷᠢᠨ᠎ᠠ︾᠃ ᠲᠤᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠷᠥᠯ ᠵᠦᠢᠯ ᠳᠤ ᠳᠡᠪᠦᠷ᠎ᠡ᠂ ᠤᠷᠠᠬ᠎ᠠ᠂ ᠳᠡᠭᠡᠰᠦ ᠲᠠᠲᠠᠬᠤ ᠤᠷᠤᠯᠳᠤᠭᠠᠨ᠂ ᠭᠤᠷᠪᠠᠨ ᠬᠥᠮᠦᠨ ᠳᠥᠷᠪᠡᠨ ᠬᠥᠯ ᠵᠡᠷᠭᠡ 11 ᠪᠦᠯᠬᠦᠮ ᠨᠡᠶᠢᠲᠡ ᠶᠢᠨ ᠲᠥᠷᠥᠯ ᠵᠦᠢᠯ ᠪᠠᠭᠲᠠᠵᠤ᠂ ᠨᠡᠶᠢᠲᠡ 20 ᠲᠥᠯᠥᠭᠡᠯᠡᠭᠴᠢᠳ ᠤᠨ ᠠᠩᠭᠢ ᠶᠢᠨ 100 ᠭᠠᠷᠤᠶ ᠲᠠᠮᠢᠷᠴᠢᠨ ᠣᠷᠣᠯᠴᠠᠪᠠ᠃    ᠲᠣᠰ ᠤᠳᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠯᠠᠨ ᠢᠶᠠᠷ ᠢᠶᠠᠨ ︽ᠨᠥᠬᠦᠷᠯᠡᠯ ᠢ ᠨᠢᠭᠡᠳᠦᠭᠡᠷ ᠲᠤ᠂ ᠤᠷᠤᠯᠳᠤᠭᠠᠨ ᠢ ᠬᠤᠶᠠᠳᠤᠭᠠᠷ ᠲᠤ︾ ᠭᠡᠬᠦ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠵᠠᠩᠰᠢᠯ ᠢ ᠪᠠᠲᠤ ᠰᠠᠬᠢᠵᠤ᠂ ᠪᠣᠯᠪᠠᠰᠤᠨ ᠢᠶᠠᠷ ᠥᠷᠢᠰᠥᠯᠳᠦᠵᠦ᠂ ᠬᠠᠮᠵᠢᠯᠴᠠᠨ ᠬᠠᠪᠰᠤᠷᠤᠯᠴᠠᠵᠤ᠂ ᠴᠤᠭ ᠵᠢᠪᠬᠤᠭ᠎ᠠ ᠪᠠᠨ ᠢᠯᠡᠷᠡᠭᠦᠯᠵᠦ᠂ ᠨᠥᠬᠦᠷᠯᠡᠯ ᠢᠶᠠᠨ ᠭᠥᠷᠳᠡᠬᠦ ᠶᠢᠨ ᠬᠠᠮᠲᠤ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠪᠠᠶᠠᠷ ᠪᠠᠶᠠᠰᠤᠯ ᠠᠪᠴᠢᠷᠠᠭᠰᠠᠨ ᠪᠠᠶᠢᠨ᠎ᠠ᠃    ᠲᠤᠰ ᠤᠳᠠᠭ᠎ᠠ ᠶᠢᠨ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠤᠨ ᠰᠢᠷᠢᠰ ᠠᠵᠢᠯᠯᠠᠭ᠎ᠠ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠮᠠᠨ ᠤ ᠰᠢᠶᠠᠨ ᠤ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠪᠣᠳᠠᠰ  ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ 5 . 18 ᠤ ᠮᠦᠽᠧᠢ ᠶᠢᠨ ᠡᠳᠦᠷ  ᠤᠨ ᠠᠵᠢᠯᠯᠠᠭ᠎ᠠ᠂ ᠤᠯᠠᠭᠠᠨᠮᠥ᠋ᠴᠢᠷ ᠵᠤᠭᠠᠴᠠᠯ ᠤᠨ ᠡᠳᠦᠷ ᠤᠨ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ᠂ ᠰᠢᠩ ᠰᠢᠩ ᠬᠧ ᠵᠤᠭᠠᠴᠠᠯ ᠤᠨ ᠠᠮᠠᠷᠠᠯᠲᠠ ᠶᠢᠨ ᠣᠷᠣᠨ ᠮᠢᠩᠭᠠᠨ ᠬᠥᠮᠦᠨ ᠤ ᠨᠠᠭᠤᠷ ᠢ ᠲᠣᠭᠤᠷᠢᠭᠰᠠᠨ ᠢᠳᠡᠷᠡᠭᠦᠨ ᠠᠯᠬᠤᠭ᠎ᠠ ᠵᠡᠷᠭᠡ ᠠᠯᠢ ᠤᠯᠠᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠮᠠᠨ ᠤ ᠰᠢᠶᠠᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号