ᠲᠦᠴᠢᠦᠸᠠᠨ ᠰᠢᠶᠠᠨ᠄ ᠵᠢᠵᠢᠭ ᠬᠦᠷᠢᠶ᠎ᠡ ᠬᠠᠰᠢᠶ᠎ᠠ ᠶᠢ ᠠᠰᠢᠭᠯᠠᠨ ᠣᠷᠣᠯᠭ᠎ᠠ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/5/21
   ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠬᠤᠳᠠ ᠶᠢᠨ ᠲᠡᠬᠦᠷᠭᠡ ᠶᠢᠨ ᠸᠠᠩ ᠠᠢ ᠭᠦᠸᠧ ᠤᠨ ᠲᠦᠬᠦᠭᠡᠷᠤᠮᠵᠢᠳᠤ ᠲᠠᠷᠢᠶᠠᠯᠠᠩ ᠤᠨ ᠬᠦᠯᠡᠮᠵᠢ ᠳᠤ ᠣᠷᠣᠵᠤ᠂ ᠪᠥᠭᠡᠮ ᠪᠥᠭᠡᠮ ᠬᠠᠪᠲᠠᠭᠠᠢ ᠮᠦᠬᠦ ᠮᠦᠬᠦ ᠶᠢᠨ ᠡᠰᠢᠨ ᠠᠴᠠ ᠭᠠᠷᠴᠤ᠂ ᠸᠠᠩ ᠠᠢ ᠭᠦᠸᠧ ᠶᠠᠭ ᠪᠣᠯᠪᠠᠰᠤᠷᠠᠩᠭᠤᠢ ᠪᠠᠷ ᠲᠡᠭᠦᠵᠦ ᠪᠠᠶᠢᠯ᠎ᠠ᠃ ︽ᠮᠢᠨᠦ ᠳᠠᠷᠢᠭᠰᠠᠨ ᠰᠢᠨ᠎ᠡ ᠡᠭᠦᠯᠳᠡᠷ ᠤᠨ ᠮᠥᠭᠦ ᠨᠢ ᠲᠣᠮᠣ᠂ ᠮᠢᠬ᠎ᠠ ᠨᠢ ᠵᠤᠵᠠᠭᠠᠨ᠂ ᠶᠠᠰᠤ ᠴᠢᠨᠠᠷ ᠨᠢ ᠳᠦᠭᠦᠷᠡᠩ᠂ ᠠᠮᠲᠠ ᠨᠢ ᠰᠠᠶᠢᠨ᠂ ᠡᠳᠦᠷ ᠪᠦᠷᠢ ᠶᠢᠨ ᠤᠨᠠᠯᠲᠠ ᠨᠢ 100 ᠵᠢᠩ ᠣᠷᠴᠢᠮ ᠪᠠᠶᠢᠵᠤ᠂ ᠰᠦᠯᠵᠢᠶᠡᠨ ᠠᠴᠠ ᠭᠠᠳᠠᠨ᠎ᠠ ᠡᠯ᠎ᠡ ᠲᠣᠮᠣ ᠢᠳᠡᠰᠢᠨ ᠨᠣᠭᠤᠭ᠎ᠠ ᠪᠥᠭᠡᠮ ᠢᠶᠠᠷ ᠬᠤᠳᠠᠯᠳᠤᠬᠤ ᠴᠡᠭ ᠪᠠ ᠬᠡᠲᠦ ᠳᠡᠯᠭᠡᠭᠦᠷ ᠲᠤ ᠬᠠᠩᠭᠠᠵᠤ᠂ ᠰᠦᠯᠵᠢᠶᠡᠨ ᠳᠡᠭᠡᠷ᠎ᠡ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠬᠤᠳᠠᠯᠳᠤᠵᠤ᠂ ᠵᠢᠯ ᠤᠨ ᠣᠷᠣᠯᠭ᠎ᠠ ᠨᠢ 10 ᠭᠠᠷᠤᠶ ᠲᠦᠮᠡᠨ ᠲᠥᠭᠦᠷᠢᠭ ᠲᠤ ᠬᠦᠷᠴᠦ᠂ ᠦᠷ᠎ᠡ ᠠᠰᠢᠭ ᠨᠢ ᠨᠡᠯᠢᠶᠡᠳ ᠵᠦᠭᠡᠷ ᠪᠠᠶᠢᠨ᠎ᠠ︾ ᠭᠡᠵᠦ ᠸᠠᠩ ᠠᠢ ᠭᠦᠸᠧ ᠪᠠᠶᠠᠷᠳᠠᠢ ᠬᠡᠯᠡᠨ᠎ᠡ᠃ ᠲᠡᠷᠡ ᠣᠶᠤᠨᠴᠢ ᠲᠠᠷᠢᠶᠠᠯᠠᠩ ᠤᠨ ᠲᠥᠬᠦᠭᠡᠷᠦᠮᠵᠢ ᠶᠢ ᠤᠭᠰᠠᠷᠠᠭᠰᠠᠨ ᠠᠴᠠ ᠨᠠᠭᠠᠰᠢ᠂ ᠭᠠᠷ ᠤᠲᠠᠰᠤᠨ ᠳᠡᠭᠡᠷ᠎ᠡ ᠪᠠᠨ ᠬᠦᠯᠡᠮᠵᠢ ᠶᠢᠨ ᠳᠤᠯᠠᠭᠠᠨ᠂ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ ᠵᠡᠷᠭᠡ  ᠳᠤ ᠬᠠᠮᠢᠶᠠᠷᠤᠯᠲᠠ ᠬᠠᠮᠠᠭᠠᠯᠠᠯᠲᠠ ᠬᠢᠵᠦ᠂ ᠮᠠᠰᠢ ᠳᠥᠭᠦᠮ ᠦᠵᠡᠭᠦᠯᠵᠦ᠂ ︽ᠣᠶᠤᠨᠴᠢ︾ ᠲᠠᠷᠢᠮᠠᠯ ᠨᠢ ᠲᠡᠭᠦᠨ ᠤ ᠣᠷᠣᠯᠭ᠎ᠠ ᠶᠢ ᠨᠡᠮᠡᠭᠳᠡᠭᠦᠯᠬᠦ ᠢᠲᠡᠭᠡᠯ ᠵᠣᠷᠢᠭ ᠢ ᠤᠯᠠᠮ ᠬᠥᠪᠴᠢᠯᠡᠵᠡᠢ᠃    ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠰᠢᠶᠠᠨ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠷᠢᠶ᠎ᠡ ᠬᠠᠰᠢᠶᠠᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠰᠢᠪᠲᠤᠯᠤᠯᠲᠠ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠪᠡ᠃    ᠲᠩᠷᠢ ᠭᠡᠭᠡᠷᠡᠮᠡᠭᠴᠡ᠂ ᠰᠢᠤᠸᠠᠢ ᠲᠢᠶᠠᠨ ᠰᠢᠶᠠᠩ ᠤᠨ ᠬᠤᠩ ᠴᠢᠤᠸᠠᠨ ᠲᠣᠰᠬᠤᠨ ᠤ ᠠᠷᠠᠳ ᠭᠦᠸᠧ ᠯᠢ ᠹᠧᠩ ᠶᠠᠭᠠᠷᠠᠯᠲᠠᠢ ᠠᠵᠢᠯᠯᠠᠵᠤ᠂ ᠡᠪᠡᠰᠦ ᠪᠣᠷᠳᠤᠭ᠎ᠠ ᠬᠤᠯᠢᠵᠤ᠂ ᠬᠤᠨᠢᠨ ᠬᠠᠰᠢᠶ᠎ᠠ ᠴᠡᠪᠡᠷᠯᠡᠵᠦ᠂ ᠬᠤᠨᠢᠨ ᠬᠠᠰᠢᠶᠠᠨ  ᠳᠠᠬᠢ ᠬᠡᠳᠦᠨ ᠠᠷᠪᠠᠨ ᠬᠤᠨᠢ ᠶᠢ ᠰᠠᠶᠢᠲᠤᠷ ᠬᠠᠷᠠᠭᠠᠯᠵᠠᠬᠤ ᠪᠣᠯ ᠲᠡᠭᠦᠨ ᠤ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ︽ᠣᠷᠴᠢᠮ ᠤᠨ ᠬᠡᠳᠦᠨ ᠡᠳᠦᠷ ᠵᠠᠷᠢᠮ ᠬᠤᠨᠢ ᠵᠢᠭᠠᠬᠠᠨ ᠬᠠᠨᠢᠶᠠᠵᠤ ᠪᠠᠶᠢᠨ᠎ᠠ᠂ ᠡᠶᠢᠮᠦ ᠠᠴᠠ ᠪᠢ ᠡᠷᠲᠡ ᠪᠣᠰᠴᠤ ᠪᠠᠶᠢᠳᠠᠯ ᠢ ᠪᠠᠶᠢᠴᠠᠭᠠᠨ ᠦᠵᠡᠵᠦ᠂ ᠲᠡᠳᠡᠨ ᠳᠤ ᠵᠢᠭᠠᠬᠠᠨ ᠡᠮ ᠥᠭᠴᠦ᠂ ᠬᠤᠨᠢ ᠲᠡᠵᠢᠭᠡᠬᠦ ᠨᠢ ᠨᠠᠷᠢᠨ ᠬᠢᠨᠠᠮᠠᠭᠠᠢ᠂ ᠵᠢᠭᠠᠬᠠᠨ ᠴᠤ ᠬᠠᠰᠢ ᠶᠠᠰᠢ ᠪᠠᠶᠢᠵᠤ ᠪᠣᠯᠬᠤ ᠦᠭᠡᠢ᠃︾ ᠭᠡᠵᠦ ᠭᠦᠸᠧ ᠯᠢ ᠹᠧᠩ ᠬᠡᠯᠡᠪᠡ᠃    ᠭᠦᠸᠧ ᠯᠢ ᠹᠧᠩ 2021 ᠣᠨ ᠠᠴᠠ ᠡᠬᠢᠯᠡᠨ ᠠᠯᠠᠰᠢᠨ ᠬᠤᠨᠢ ᠲᠡᠵᠢᠭᠡᠵᠦ᠂ ᠦᠷᠡᠵᠢᠭᠦᠯᠦᠨ ᠬᠥᠭᠵᠢᠭᠦᠯᠬᠦ  ᠪᠠᠷ ᠳᠡᠮᠵᠢᠨ᠂ ᠣᠳᠣᠬᠠᠨ ᠳᠤ ᠲᠡᠳᠡᠨ ᠤ ᠬᠢᠨ 80 ᠭᠠᠷᠤᠶ ᠠᠯᠠᠰᠢᠨ ᠬᠤᠨᠢ ᠲᠠᠢ ᠪᠣᠯᠵᠣ᠂ ᠲᠣᠰᠬᠤᠨ ᠤ ᠨᠠᠷᠠᠲᠤ ᠬᠤᠨᠢ ᠲᠡᠵᠢᠭᠡᠬᠦ ᠲᠣᠮᠣ ᠡᠷᠦᠬᠡ ᠪᠣᠯᠵᠠᠶ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠦᠷᠢᠶᠡᠨ ᠳᠣᠲᠣᠷᠠᠬᠢ ᠡᠲᠡᠭᠡᠷ ᠬᠤᠨᠢ ᠢᠮᠠᠭ᠎ᠠ ᠶᠢ 50 ᠵᠢᠩ ᠣᠷᠴᠢᠮ ᠲᠡᠵᠢᠭᠡᠪᠡᠯ ᠪᠣᠷᠣᠯᠠᠭᠤᠯᠵᠤ ᠪᠣᠯᠤᠨ᠎ᠠ᠂ ᠵᠢᠯ ᠤᠨ ᠣᠷᠣᠯᠭ᠎ᠠ ᠨᠢ 6 ᠲᠦᠮᠡ ᠭᠠᠷᠤᠶ ᠲᠥᠭᠦᠷᠢᠭ ᠭᠥᠷᠳᠡᠭ᠃ ᠬᠦᠷᠢᠶ᠎ᠡ ᠬᠠᠰᠢᠶᠠᠨ ᠳᠤ ᠪᠠᠨ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ  ᠳᠤ ᠪᠠᠰᠠ ᠪᠡᠯᠡ ᠮᠥᠩᠭᠦᠨ ᠤ ᠳᠡᠮᠵᠢᠯᠭᠡ ᠲᠠᠢ᠂ ᠳᠠᠷᠠᠭ᠎ᠠ ᠵᠢᠯ ᠲᠡᠷᠡ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠵᠦ᠂ ᠳᠠᠬᠢᠨ ᠢᠯᠡᠭᠦᠦ ᠵᠣᠭᠤᠰ ᠣᠯᠬᠤ ᠪᠠᠷ ᠪᠡᠯᠡᠳᠬᠡᠵᠦ ᠪᠠᠶᠢᠨ᠎ᠠ᠃    ᠵᠢᠵᠢᠭ ᠬᠦᠷᠢᠶ᠎ᠡ ᠬᠠᠰᠢᠶ᠎ᠠ᠂ ᠬᠥᠳᠡᠭᠡ ᠲᠣᠰᠬᠤᠨ ᠢ ᠭᠤᠶᠤᠵᠢᠭᠤᠯᠵᠤ᠂ ᠣᠯᠠᠨ ᠲᠦᠮᠡᠨ ᠢ ᠪᠠᠶᠠᠵᠢᠭᠤᠯᠪᠠ᠃ ᠣᠳᠣᠬᠠᠨ ᠳᠤ᠂ ᠬᠤᠩ ᠴᠢᠤᠸᠠᠨ ᠲᠣᠰᠬᠤᠨ ᠤ 40 % ᠶᠢᠨ ᠠᠷᠠᠳ ᠬᠠᠰᠢᠶᠠᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠠᠮᠢᠶ᠎ᠠ ᠪᠥᠬᠦᠶ ᠠᠵᠤ ᠦᠶᠯᠡᠰ ᠡᠷᠭᠢᠯᠡᠵᠦ ᠪᠣᠶ᠃ ᠠᠯᠠᠰᠢᠨ ᠬᠤᠨᠢ ᠲᠡᠵᠢᠭᠡᠨ ᠦᠷᠡᠵᠢᠭᠦᠯᠬᠦ ᠨᠢ ᠨᠢᠭᠡᠨᠲᠡ ᠬᠤᠩ ᠴᠢᠤᠸᠠᠨ ᠲᠣᠰᠬᠤᠨ ᠤ ᠭᠤᠤᠯᠯᠠᠬᠤ ᠠᠵᠤ ᠦᠶᠯᠡᠰ ᠪᠣᠯᠵᠣ᠂ ᠠᠯᠠᠰᠢᠨ ᠬᠤᠨᠢᠨ ᠤ ᠠᠵᠤ ᠦᠶᠯᠡᠰ  ᠨᠢ ᠵᠢᠵᠢᠭ ᠬᠦᠷᠢᠶ᠎ᠡ ᠬᠠᠰᠢᠶ᠎ᠠ ᠲᠠᠢ ᠪᠣᠯᠵᠣ᠂ ᠪᠠᠰᠠ ᠨᠢᠭᠡ ᠲᠣᠰᠬᠤᠨ ᠤ ᠬᠥᠮᠦᠨ ᠢ ᠪᠠᠶᠠᠵᠢᠭᠤᠯᠪᠠ᠃    ᠸᠠᠩ ᠠᠢ ᠭᠦᠸᠧ ᠪᠣᠯᠤᠨ ᠭᠦᠸᠧ ᠯᠢ ᠹᠧᠩ ᠪᠣᠯ ᠲᠦᠴᠢᠦᠸᠠᠨ ᠰᠢᠶᠠᠨ ᠤ ᠲᠣᠰᠬᠤᠨ ᠤ ᠠᠷᠠᠳ ᠤᠨ ᠬᠦᠷᠢᠶ᠎ᠡ ᠬᠠᠰᠢᠶ᠎ᠠ ᠪᠠᠨ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠭᠰᠠᠨ ᠬᠤᠷᠢᠶᠠᠩᠭᠤᠢ ᠳᠦᠷᠰᠦ ᠪᠣᠯᠤᠨ᠎ᠠ᠃ 2023 ᠣᠨ ᠠᠴᠠ ᠡᠬᠢᠯᠡᠨ᠂ ᠲᠦᠴᠢᠦᠸᠠᠨ ᠰᠢᠶᠠᠨ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶᠠᠨ  ᠤ ᠠᠵᠤ ᠠᠬᠤᠶ ᠶᠢᠨ ᠱᠠᠩᠨᠠᠨ ᠨᠥᠬᠦᠪᠥᠷᠢᠯᠡᠬᠦ ᠠᠯᠢ ᠣᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ 1405 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠶ ᠶᠢᠨ ᠵᠢᠱᠢᠶ᠎ᠡ ᠦᠵᠡᠭᠦᠯᠬᠦ ᠲᠣᠰᠬᠤᠨ 26 ᠶᠢ ᠪᠣᠶᠢᠵᠢᠭᠤᠯᠵᠤ᠂ ᠠᠯᠠᠰᠢᠨ ᠦᠬᠡᠷ᠂ ᠠᠯᠠᠰᠢᠨ ᠬᠤᠨᠢ᠂ ᠬᠤᠨᠢᠨ ᠭᠡᠳᠡᠰᠦᠨ ᠤ ᠪᠠᠺᠲ᠋ᠧᠷᠢ᠂ ᠤᠯᠠᠭᠠᠨ ᠨᠠᠷᠠᠰᠤᠨ ᠤ ᠴᠢᠰᠤᠨ ᠡᠪᠡᠷ᠂ ᠵᠢᠮᠢᠰ ᠡᠷᠳᠡᠨᠢ ᠰᠢᠰᠢ᠂ ᠵᠠᠬᠢᠶᠠᠯᠠᠭ᠎ᠠ ᠶᠢᠨ ᠪᠥᠭᠡᠷᠡᠩᠬᠡᠶ ᠰᠣᠩᠭᠢᠨ᠎ᠠ᠂ ᠲᠣᠮᠣ ᠰᠢᠳ + ᠬᠢᠲᠠᠳ ᠡᠮ ᠤᠨ ᠮᠠᠲ᠋ᠧᠷᠢᠶᠠᠯ᠂ ᠪᠣᠷᠣ ᠰᠠᠷᠢᠮᠰᠠᠭ + ᠨᠠᠮᠤᠷ ᠤᠨ ᠴᠠᠭᠠᠨ ᠨᠣᠭᠤᠭ᠎ᠠ ᠵᠡᠷᠭᠡ ᠬᠦᠷᠢᠶ᠎ᠡ ᠬᠠᠰᠢᠶᠠᠨ  ᠤ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠢ ᠳᠠᠶᠢᠴᠢᠯᠠᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠪᠡ᠃ ᠣᠲᠣ ᠪᠣᠯᠲᠠᠯ᠎ᠠ᠂ ᠲᠦᠴᠢᠦᠸᠠᠨ ᠰᠢᠶᠠᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠡᠵᠡᠩᠨᠡᠯᠲᠡ ᠶᠢᠨ ᠡᠷᠦᠬᠡ ᠶᠢ ᠨᠡᠶᠢᠲᠡ 4 ᠲᠦᠮᠡ ᠭᠠᠷᠤᠶ ᠡᠷᠦᠬᠡ ᠬᠥᠭᠵᠢᠭᠦᠯᠵᠦ᠂ ᠪᠥᠬᠦ ᠰᠢᠶᠠᠨ ᠤ ᠲᠠᠷᠢᠶᠠᠴᠢᠨ ᠡᠷᠦᠬᠡ ᠶᠢᠨ 90 % ᠶᠢ ᠡᠵᠡᠯᠡᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 2000 ᠲᠥᠭᠦᠷᠢᠭ ᠠᠴᠠ ᠳᠡᠭᠡᠭᠰᠢ ᠪᠣᠯᠵᠠᠶ᠃    ᠡᠨᠡ ᠵᠢᠯ᠂ ᠲᠦᠴᠢᠦᠸᠠᠨ ᠰᠢᠶᠠᠨ ᠦᠷᠭᠦᠯᠵᠢᠯᠡᠨ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ︽ᠭᠡᠷ︾ ᠤᠨ ᠢᠶᠠᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠵᠢᠵᠢᠭ ᠨᠣᠭᠤᠭ᠎ᠠ ᠶᠢᠨ ᠬᠦᠷᠢᠶᠡᠯᠡᠩ᠂ ᠵᠢᠵᠢᠭ ᠲᠠᠷᠢᠶᠠᠨ ᠭᠠᠵᠠᠷ᠂ ᠵᠢᠵᠢᠭ ᠲᠡᠵᠢᠭᠡᠪᠦᠷᠢ ᠶᠢᠨ ᠦᠢᠯᠡᠰ ᠢᠶᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠬᠦᠷᠢᠶ᠎ᠡ ᠬᠠᠰᠢᠶᠠᠨ  ᠤ ᠠᠵᠤ ᠠᠬᠤᠢ ᠶᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠤᠰ ᠲᠤᠰ ᠤᠨ ᠣᠨᠴᠠᠯᠢᠭ ᠲᠠᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号