︽5·19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/21
   2024 ᠣᠨ ᠤ 5 ᠰᠠᠷ᠎ᠠ ᠶᠢᠨ 19 ᠤ ᠡᠳᠦᠷ ᠪᠣᠯ ᠠᠷᠪᠠᠨ ᠳᠥᠷᠪᠡᠳᠡᠬᠢ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠪᠣᠯᠤᠨ᠎ᠠ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠳᠤᠮᠳᠠᠳᠤ ᠤᠯᠤᠰ ᠤᠨ ᠵᠣᠯ ᠵᠢᠷᠭᠠᠯᠲᠤ ᠠᠮᠢᠳᠤᠷᠠᠯ ᠢ ᠵᠤᠭᠠᠴᠠᠶ᠎ᠠ︾ ᠭᠡᠬᠦ ᠭᠤᠤᠯ ᠰᠡᠳᠦᠪᠲᠦ ᠰᠢᠷᠢᠰ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ᠂ ᠨᠢᠭᠡᠨᠲᠡ ᠪᠣᠳᠠᠰ ᠤᠨ ᠪᠤᠰᠤ ᠰᠣᠶᠣᠯ  ᠤᠨ ᠥᠪ᠂ ᠮᠦᠽᠧᠶ ᠳᠤ ᠬᠠᠳᠠᠭᠠᠯᠠᠭᠰᠠᠨ ᠰᠣᠶᠣᠯ᠂ ᠤᠷᠠᠨ ᠰᠠᠶᠢᠬᠠᠨ ᠤ ᠲᠣᠭᠯᠠᠯᠲᠠ᠂ ᠰᠣᠨᠢᠷᠬᠠᠯᠲᠤ ᠲᠣᠭᠯᠠᠭᠠᠮ ᠂ ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠠᠵᠢᠯᠯᠠᠭ᠎ᠠ ᠶᠢ ᠥᠷᠨᠢᠭᠦᠯᠦᠭᠡᠳ ᠥᠷᠭᠡᠨ ᠣᠯᠠᠨ ᠲᠦᠮᠡᠨ ᠳᠤ ᠨᠡᠶᠢᠳᠡᠮ ᠮᠡᠳᠡᠷᠡᠭᠳᠡᠵᠦ᠂ ᠣᠲᠣ ᠪᠢᠴᠢᠬᠠᠨ ᠨᠠᠶᠢᠷᠠᠭᠤᠯᠤᠭᠴᠢ ᠣᠯᠠᠨ ᠳᠤ ᠬᠤᠪᠢᠶᠠᠯᠴᠠᠵᠤ ᠪᠠᠶᠢᠨ᠎ᠠ!    ᠰᠣᠶᠣᠯ ᠪᠣᠯ ᠭᠧᠨ ᠢ ᠤᠯᠠᠮᠵᠢᠯᠠᠳᠠᠭ    ᠨᠢᠭᠡ᠂ ︽ᠳᠤᠮᠳᠠᠳᠤ ᠤᠯᠤᠰ ᠢᠶᠠᠷ ᠵᠤᠭᠠᠴᠠᠵᠤ᠂ ᠵᠣᠯ ᠵᠢᠷᠭᠠᠯ ᠲᠠᠢ ᠠᠮᠢᠳᠤᠷᠠᠬᠤ︾ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ    ᠤᠮᠠᠷᠠᠲᠤ ᠬᠢᠯᠢ ᠶᠢᠨ ᠵᠠᠩ ᠠᠭᠠᠯᠢ ᠰᠢᠨ᠎ᠡ ᠠᠵᠠ ᠲᠣᠬᠢᠶᠠᠯ᠂ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠮᠥᠨ ᠴᠢᠨᠠᠷ ᠤᠨ ᠬᠦᠴᠦᠨ᠃ 5 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠲᠦᠴᠢᠦᠸᠠᠨ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠳᠤ ︽ᠤᠮᠠᠷᠠᠲᠤ ᠶᠢᠨ ᠵᠠᠩ ᠦᠶᠯᠡ ᠣᠯᠠᠨ ᠡᠰᠢᠲᠦ ᠰᠣᠶᠣᠯ︾ ᠭᠡᠬᠦ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠦᠷᠭᠦᠯᠵᠢᠯᠡᠨ ᠴᠢᠩᠭᠠᠳᠬᠠᠵᠤ᠂ ᠰᠤᠷᠤᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠢ ᠣᠶᠢᠷ᠎ᠠ ᠵᠠᠶ ᠠᠴᠠ ᠮᠡᠳᠡᠷᠡᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠪᠡ᠃    ᠬᠤᠶᠠᠷ᠂ 5·18 ᠮᠦᠽᠧᠶ ᠶᠢᠨ ᠡᠳᠦᠷ ᠤᠨ ᠠᠵᠢᠯᠯᠠᠭ᠎ᠠ    2024 ᠣᠨ ᠤ 5 ᠰᠠᠷ᠎ᠠ ᠶᠢᠨ 18 ᠤ ᠡᠳᠦᠷ ᠪᠣᠯ 48 ᠳᠠᠬᠢ ᠣᠯᠠᠨ ᠤᠯᠤᠰ ᠤᠨ ᠮᠦᠽᠧᠶ ᠶᠢᠨ ᠡᠳᠦᠷ ᠪᠣᠯᠤᠨ᠎ᠠ᠂ ᠮᠦᠽᠧᠶ ᠶᠢᠨ ᠡᠳᠦᠷ ᠤᠨ ᠲᠣᠭᠤᠷᠢᠨ ᠳᠤ ᠰᠢᠷᠢᠰ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠮᠦᠽᠧᠶ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠮᠢᠩᠭᠠᠨ ᠰᠣᠷᠣᠭᠴᠢ ᠶᠢ ᠮᠦᠽᠧᠶ ᠳᠤ ᠣᠷᠣᠭᠤᠯᠵᠤ ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠬᠢᠴᠢᠶᠡᠯ ᠤᠨ ᠲᠠᠩᠬᠢᠮ᠂ ᠪᠣᠳᠠᠰ ᠤᠨ ᠪᠤᠰᠤ ᠰᠣᠶᠣᠯ ᠤᠨ ᠥᠪ ᠤᠨ ᠬᠤᠰᠢᠭᠤ ᠪᠠ ᠤᠷᠤᠯᠳᠤᠭᠠᠨ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠵᠢᠯᠯᠠᠭ᠎ᠠ ᠶᠢ ᠥᠷᠨᠢᠭᠦᠯᠵᠦ᠂ ᠮᠦᠽᠧᠶ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢ ᠦᠨᠡᠨ ᠬᠦ ᠪᠦᠲᠦᠮᠵᠢᠲᠡᠶ ᠪᠠᠳᠠᠷᠠᠭᠤᠯᠵᠤ᠂ ᠮᠦᠽᠧᠶ ᠳᠤ ᠬᠠᠳᠠᠭᠠᠯᠠᠵᠤ ᠪᠠᠶᠢᠭ᠎ᠠ ᠡᠬᠢ ᠪᠠᠶᠠᠯᠢᠭ ᠤᠨ ᠰᠢᠨ᠎ᠡ ᠶᠢ ᠡᠭᠦᠳᠬᠦ ᠴᠢᠨᠠᠷ  ᠢ ᠴᠢᠨᠠᠷ ᠰᠠᠶᠢᠲᠠᠶ ᠵᠢᠭᠠᠨ ᠰᠤᠷᠭᠠᠯᠲᠠ ᠶᠢᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠰᠤᠷᠤᠯᠴᠠᠬᠤ ᠳᠤᠷ᠎ᠠ ᠰᠣᠨᠢᠷᠬᠠᠯ ᠪᠠ ᠳᠡᠭᠡᠳᠦ ᠬᠡᠮᠵᠢᠶᠡᠨ ᠤ ᠰᠠᠨᠠᠭᠠᠴᠢᠯᠠᠭᠠᠲᠤ ᠴᠢᠨᠠᠷ ᠢ ᠬᠥᠭᠵᠢᠭᠡᠨ᠎ᠡ᠃    ᠵᠤᠭᠠᠴᠠᠯ ᠯᠠᠪᠲᠠᠶ ᠪᠣᠯᠤᠯᠴᠠᠭ᠎ᠠ ᠲᠠᠢ    ︽ᠳᠤᠮᠳᠠᠳᠤ ᠤᠯᠤᠰ ᠢᠶᠠᠷ ᠵᠤᠭᠠᠴᠠᠵᠤ᠂ ᠵᠣᠯ ᠵᠢᠷᠭᠠᠯᠲᠤ ᠠᠮᠢᠳᠤᠷᠠᠯ︾ ᠵᠢᠭᠤᠯᠴᠢᠯᠠᠯ ᠤᠨ ᠡᠳᠦᠷ ᠤᠨ ᠲᠣᠭᠯᠠᠯᠲᠠ ᠦᠵᠡᠮᠵᠢ ᠶᠢᠨ ᠣᠷᠣᠨ ᠳᠤ ᠣᠷᠣᠪᠠ᠃     ᠲᠠᠯ᠎ᠠ ᠨᠤᠲᠤᠭ ᠤᠨ ᠤᠳᠬ᠎ᠠ ᠤᠷᠠᠯᠢᠭ ᠤᠨ ᠰᠣᠳᠣᠨ ᠳᠦᠷᠢ ᠲᠥᠷᠬᠦ᠂ ᠰᠣᠨᠢᠷᠬᠠᠯᠲᠠᠶ ᠲᠣᠭᠯᠠᠭᠠᠮ ᠭᠢᠯᠠᠯᠵᠠᠭᠰᠠᠨ ᠴᠡᠭ᠃ ᠡᠬᠢᠯᠡᠯᠲᠡ ᠶᠢᠨ ᠪᠥᠵᠢᠭ ︽ᠬᠥᠳᠡᠭᠡ ᠲᠠᠯ᠎ᠠ ᠳᠤ ᠮᠥᠩᠬᠡ ᠶᠢᠨ ᠨᠡᠷᠡᠨ ᠰᠠᠴᠤᠷᠠᠨ ᠮᠠᠨᠳᠤᠯ᠎ᠠ︾ ᠶᠢ ᠪᠦᠬᠦ ᠲᠠᠯᠠᠪᠠᠢ ᠳᠤ ᠲᠣᠭᠯᠠᠪᠠ᠂ ᠮᠤᠷᠢᠨ ᠬᠤᠭᠤᠷ ᠤᠨ ᠭᠤᠴᠣᠯᠠᠯ ᠬᠥᠭᠵᠢᠮ᠂ ᠬᠤᠶᠠᠷ ᠤᠲᠠᠰᠤᠲᠤ ᠬᠤᠭᠤᠷ  ᠤᠨ ᠭᠤᠴᠣᠯᠠᠯ ᠬᠥᠭᠵᠢᠮ᠂ ᠡᠯ ᠷᠧᠨ ᠵᠤᠸᠠᠨ ᠵᠡᠷᠭᠡ ᠲᠣᠭᠯᠠᠯᠲᠠ ᠨᠢ ᠤᠯᠠᠨ ᠠᠴᠠ ᠣᠷᠣᠶᠢᠯᠠᠵᠤ᠂ ᠨᠡᠩ ᠴᠤ ᠶᠠᠩᠭᠠᠷ ᠤᠨ ᠠᠩᠬᠢ᠂ ᠪᠥᠵᠢᠭ ᠤᠨ ᠠᠩᠬᠢ ᠶᠢᠨ ᠲᠣᠭᠯᠠᠯᠲᠠ ᠨᠢ ᠦᠡᠭᠭᠡ ᠭᠢᠯᠪᠠᠭ᠎ᠠ ᠪᠠᠨ ᠰᠠᠴᠤᠷᠠᠭᠤᠯᠵᠤ᠂ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ᠂ ᠳᠡᠭᠡᠰᠦ ᠲᠠᠲᠠᠬᠤ ᠤᠷᠤᠯᠳᠤᠭᠠᠨ ᠵᠡᠷᠭᠡ ᠨᠠᠭᠠᠳᠤᠮ ᠤᠨ ᠳᠤᠷ᠎ᠠ ᠪᠠᠬ᠎ᠠ  ᠶᠢ ᠲᠠᠲᠠᠵᠤ᠂ ᠵᠤᠭᠠᠴᠠᠭᠰᠠᠳ ᠤᠨ ᠪᠠᠭ᠋ᠠᠷᠬᠠᠯ ᠢ ᠲᠠᠲᠠᠵᠠᠢ᠃    ᠪᠡᠶ᠎ᠡ ᠲᠠᠮᠢᠷ ᠬᠥᠳᠡᠯᠭᠡᠭᠡᠨ ᠤ ᠣᠷᠭᠢᠯᠤᠮ᠎ᠠ ᠰᠡᠳᠬᠢᠯᠭᠡ    ᠨᠢᠭᠡ᠂ ︽ᠳᠤᠮᠳᠠᠳᠤ ᠤᠯᠤᠰ ᠢᠶᠠᠷ ᠵᠤᠭᠠᠴᠠᠵᠤ᠂ ᠵᠣᠯ ᠵᠢᠷᠭᠠᠯᠲᠤ ᠠᠮᠢᠳᠤᠷᠠᠯ︾ ᠮᠢᠩᠭᠠᠨ ᠬᠥᠮᠦᠨ ᠨᠠᠭᠤᠷ ᠢ ᠲᠣᠭᠤᠷᠢᠨ ᠢᠳᠡᠷᠡᠭᠦᠨ ᠠᠯᠬᠤᠭ᠎ᠠ ᠪᠠᠷ ᠠᠯᠬᠤᠨ᠎ᠠ᠃ᠮᠢᠩᠭᠠᠨ ᠬᠥᠮᠦᠨ ᠮᠥᠷᠦ᠋ᠴᠡᠨ ᠶᠠᠪᠤᠵᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠲᠦᠮᠡᠨ ᠤᠯᠠᠭᠠᠨ ᠲᠤᠭ ᠨᠠᠮ ᠳᠠᠭᠠᠨ ᠬᠠᠨᠳᠤᠨ᠎ᠠ᠃ ᠮᠢᠩᠭ᠎ᠠ ᠰᠢᠬᠠᠮ ᠵᠤᠭᠠᠴᠠᠭᠰᠠᠳ ︽ᠳᠤᠮᠳᠠᠳᠤ ᠤᠯᠤᠰ ᠤᠨ ᠵᠣᠯ ᠵᠢᠷᠭᠠᠯᠲᠤ ᠠᠮᠢᠳᠤᠷᠠᠯ︾ ᠭᠡᠬᠦ ᠨᠠᠭᠤᠷ ᠢ ᠲᠣᠭᠤᠷᠢᠨ ᠢᠳᠡᠷᠡᠭᠦᠨ ᠠᠯᠬᠤᠭ᠎ᠠ ᠪᠠᠷ ᠠᠶᠠᠯᠠᠬᠤ ᠠᠵᠢᠯᠯᠠᠭ᠎ᠠ ᠳᠤ ᠣᠷᠣᠯᠴᠠᠵᠤ᠂ ᠵᠢᠭᠤᠯᠴᠢᠯᠠᠭᠰᠠᠳ ᠲᠠᠪᠤᠨ ᠣᠳᠣᠲᠤ ᠤᠯᠠᠭᠠᠨ ᠲᠤᠭ ᠢ ᠠᠳᠬᠤᠨ ᠰᠡᠳᠬᠢᠯ ᠠᠭᠤᠵᠢᠷᠠᠲᠠᠯ᠎ᠠ ᠬᠤᠷᠤᠶᠢᠯᠵᠠᠵᠤ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠵᠢᠭᠤᠯᠴᠢᠯᠠᠭᠰᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠠᠬᠢ ᠬᠠᠯᠠᠭᠤᠨ ᠬᠠᠶᠢᠷ᠎ᠠ᠂ ᠨᠠᠮ ᠪᠠ ᠤᠯᠤᠰ ᠢ ᠬᠦᠨᠳᠦᠳᠬᠡᠭᠰᠡᠨ ᠰᠡᠳᠬᠢᠯᠭᠡ ᠶᠢ ᠢᠯᠡᠷᠡᠭᠦᠯᠪᠡ᠃    ᠬᠤᠶᠠᠷ᠂ ᠲᠦᠴᠢᠦᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ︽ᠤᠯᠠᠭᠠᠨ ᠲᠠᠪᠤᠳᠤᠭᠠᠷ ᠰᠠᠷ᠎ᠠ  ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ᠃ ᠨᠠᠶᠮᠠᠨ ᠲᠣᠬᠤᠢ ᠵᠢᠭᠰᠠᠭᠠᠯ ᠠᠮᠢᠳᠤᠯᠢᠭ᠂ ᠮᠥᠩᠭᠦᠨ ᠭᠡᠷᠡᠯ ᠣᠯᠵᠤ ᠠᠯᠳᠠᠬᠤ ᠶᠢ ᠣᠯᠵᠤ ᠬᠠᠷᠠᠨ᠎ᠠ᠃ 5 ᠰᠠᠷ᠎ᠠ ᠶᠢᠨ 18 ᠤ ᠡᠳᠦᠷ᠂ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠢᠴᠢ ᠲᠦᠴᠢᠦᠸᠠᠨ ᠰᠢᠶᠠᠨ ᠤ ᠭᠤᠴᠢᠳᠤᠭᠠᠷ ᠬᠤᠭᠤᠴᠠᠭᠠᠨ ᠤ ︽ᠤᠯᠠᠭᠠᠨ ᠲᠠᠪᠤᠨ ᠰᠠᠷ᠎ᠠ ᠶᠢᠨ ᠮᠥᠩᠭᠦᠨ ᠪᠥᠮᠪᠦᠭᠡ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠵᠦ᠂ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠶᠠᠨ ᠤ ᠫᠢᠩᠫᠠᠩ ᠪᠥᠮᠪᠦᠭᠡ ᠶᠢᠨ ᠨᠡᠶᠢᠭᠡᠮᠯᠢᠭ᠂ ᠺᠯᠦ᠋ᠪ ᠨᠡᠶᠢᠲᠡ 40 ᠭᠠᠷᠤᠶ ᠡᠩᠨᠡᠭᠡ᠂ 200 ᠭᠠᠷᠤᠶ ᠫᠢᠩᠫᠠᠩ ᠪᠥᠮᠪᠦᠭᠡ ᠳᠤ ᠪᠠᠭ᠋ᠠᠲᠠᠶ ᠬᠥᠮᠦᠰ ᠣᠷᠣᠯᠴᠠᠵᠤ᠂ ᠲᠠᠮᠢᠷᠴᠢᠳ ᠤᠨ ᠪᠥᠮᠪᠦᠭᠡ ᠬᠤᠷᠴᠠ ᠱᠠᠯᠠᠮᠠᠭᠠᠶ᠂ ᠬᠦᠴᠦ ᠬᠥᠯᠥᠰᠥ ᠪᠠᠨ ᠤᠷᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠲᠤᠬᠠᠶ ᠬᠠᠯᠠᠭᠤᠨ ᠰᠡᠳᠬᠢᠯᠭᠡ ᠶᠢ ᠭᠡᠷᠡᠴᠢᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号