︽ᠣᠶ ᠶᠢᠨ ᠬᠤᠷᠮᠣᠶ ᠶᠢᠨ ᠠᠵᠤ ᠠᠬᠤᠶ︾ ᠨᠢ ︽ᠠᠮᠢ ᠠᠬᠤᠶ + ᠠᠵᠤ ᠦᠶᠯᠡᠰ︾ ᠤᠨ ᠬᠤᠤᠰ ᠢᠯᠠᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/23
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠪᠣᠬᠢᠷᠲᠤᠯ ᠦᠭᠡᠢ᠂ ᠡᠷᠡᠭᠦᠯ᠂ ᠦᠷᠭᠦᠯᠵᠢᠯᠡᠬᠦ ᠬᠥᠭᠵᠢᠯᠲᠡ  ᠶᠢᠨ ᠤᠢᠢᠯᠠᠭᠠᠭᠳᠠᠬᠤᠨ ᠢ ᠵᠢᠷᠤᠮᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠠᠷᠠᠳ ᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠤᠢ ᠶᠢᠨ ᠬᠤᠷᠮᠣᠶ ᠶᠢᠨ ᠲᠠᠷᠢᠮᠠᠯ᠂ ᠲᠡᠵᠢᠭᠡᠪᠦᠷᠢ  ᠶᠢᠨ ᠠᠵᠤ ᠦᠢᠯᠡᠰ ᠢ ᠬᠥᠭᠵᠢᠭᠦᠯᠬᠦ ᠶᠢ ᠢᠳᠡᠪᠬᠢᠲᠡᠢ ᠬᠦᠳᠤᠯᠤᠨ ᠵᠢᠯᠣᠭᠤᠳᠬᠤ ᠪᠠ ᠵᠣᠷᠢᠭᠵᠢᠭᠤᠯᠵᠤ᠂ ᠤᠯᠠᠨ ᠲᠦᠮᠡᠨ ᠳᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠠᠷᠭ᠎ᠠ ᠵᠠᠮ ᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
   ᠣᠳᠣᠬᠠᠨ ᠳᠤ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠾᠧ ᠰᠢᠨ ᠲᠣᠰᠬᠤᠨ ᠤ ᠮᠥᠩᠭᠦᠨ ᠬᠦᠶᠯᠡᠰᠦ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠳᠤ᠂ ᠮᠥᠩᠭᠦᠨ ᠬᠦᠶᠯᠡᠰᠦ ᠳᠠᠷᠢᠬᠤ ᠮᠠᠰᠢᠨ ᠨᠢ ᠠᠭᠤᠯᠠᠨ ᠬᠦᠶᠯᠡᠰᠦᠨ ᠣᠶ ᠪᠠᠷ ᠨᠠᠰᠢ ᠴᠠᠰᠢ ᠰᠦᠯᠵᠢᠯᠳᠦᠵᠦ᠂ ᠦᠷ᠎ᠡ ᠵᠥᠭᠡᠭᠡᠪᠦᠷᠢᠯᠡᠨ᠂ ᠰᠢᠷᠣᠶ ᠪᠠᠷ ᠦᠷ᠎ᠡ ᠪᠦᠷᠬᠦᠵᠦ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠶ᠂ ᠡᠮᠬᠢ ᠴᠡᠭᠴᠡ ᠲᠠᠢ᠂ ᠮᠠᠰᠢ ᠶᠠᠭᠠᠷᠠᠯᠲᠠᠶ ᠪᠠᠶᠢᠨ᠎ᠠ᠃    ︽ᠪᠥᠬᠦ ᠶᠠᠪᠤᠴᠠ ᠳᠤ ᠮᠠᠰᠢᠨᠴᠢᠯᠠᠯᠲᠠ ᠪᠠᠷ ᠮᠥᠩᠭᠦᠨ ᠬᠦᠶᠯᠡᠰᠦ ᠳᠠᠷᠢᠬᠤ ᠳᠤ᠂ ᠡᠳᠦᠷ ᠪᠦᠷᠢ 80 ᠮᠥ ᠣᠷᠴᠢᠮ ᠳᠠᠷᠢᠵᠤ᠂ 20 ᠭᠠᠷᠤᠶ ᠡᠳᠦᠷ ᠲᠤ ᠨᠠᠬᠢᠶᠠᠯᠠᠵᠤ᠂ ᠵᠢᠱᠢᠯᠲᠡ ᠪᠠᠷ 10 ᠰᠠᠷ᠎ᠠ ᠳᠤ ᠰᠢᠨ᠎ᠡ ᠰᠣᠷᠭᠤᠭ ᠨᠠᠪᠴᠢ ᠲᠡᠭᠦᠵᠦ᠂ ᠨᠢᠭᠡᠳᠦᠭᠡᠷ ᠵᠢᠯ ᠳᠤ ᠮᠥᠩᠭᠦᠨ ᠬᠦᠶᠯᠡᠰᠦ ᠶᠢᠨ ᠮᠣᠳᠣ 20 ᠰᠠᠨᠲ᠋ᠢᠮᠧᠲᠷ ᠤᠷᠭᠤᠵᠤ᠂ ᠵᠢᠱᠢᠯᠲᠡ ᠪᠠᠷ ᠮᠥ ᠪᠦᠷᠢ 500 ᠵᠢᠩ ᠰᠢᠨ᠎ᠡ ᠰᠣᠷᠭᠤᠭ ᠨᠠᠪᠴᠢ ᠭᠠᠷᠤᠨ᠎ᠠ᠃︾ ᠭᠡᠵᠦ ᠵᠦᠩ ᠴᠤᠸᠠᠩ ᠬᠤᠯᠪᠣᠭᠠᠯᠠᠨ ᠡᠵᠡᠮᠳᠡᠬᠦ ︵ᠬᠠᠷᠠᠮᠥ᠋ᠷᠡᠨ︶ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠮᠡᠷᠭᠡᠵᠢᠯᠲᠡᠨ ᠪᠢ ᠸᠧᠨ ᡁᠢ ᠬᠡᠯᠡᠪᠡ᠃    ᠮᠥᠩᠭᠦᠨ ᠬᠦᠢᠯᠡᠰᠦ ᠪᠣᠯ ᠪᠦᠬᠦ ᠪᠡᠶ᠎ᠡ ᠨᠢ ᠡᠷᠳᠡᠨᠢ᠂ ᠦᠵᠡᠬᠦ᠂ ᠠᠵᠤ ᠠᠬᠤᠶ᠂ ᠡᠮ ᠵᠡᠷᠭᠡ ᠣᠯᠠᠨ ᠦᠨ᠎ᠡ ᠥᠷᠲᠡᠭ ᠲᠠᠢ᠂ ᠵᠣᠬᠢᠬᠤ ᠬᠡᠮᠵᠢᠶᠡᠨ ᠤ ᠭᠠᠩ ᠬᠠᠭᠰᠠᠷᠭᠠᠨ ᠢ ᠳᠠᠭᠠᠭᠠᠬᠤ᠂ ᠬᠦᠢᠲᠡᠨ ᠢ ᠳᠠᠭᠠᠭᠠᠬᠤ᠂ ᠲᠠᠴᠢᠷ ᠨᠢᠮᠭᠡᠨ ᠢ ᠳᠠᠭᠠᠭᠠᠬᠤ ᠴᠢᠳᠠᠪᠤᠷᠢ ᠲᠠᠢ᠂ ᠮᠠᠰᠢ ᠰᠠᠶᠢᠨ ᠵᠠᠬ᠎ᠠ ᠳᠡᠯᠭᠡᠭᠦᠷ ᠤᠨ ᠢᠷᠡᠭᠡᠳᠦᠶ ᠲᠠᠢ᠃
   2024 ᠣᠨ ᠳᠤ᠂ ᠯᠢᠦ ᠬᠣ᠋ ᠪᠠᠯᠭᠠᠰᠤ ︽ᠺᠣᠮᠫᠠᠨᠢ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠮᠥᠩᠭᠦᠨ ᠬᠦᠶᠯᠡᠰᠦᠨ ᠤ ᠠᠵᠤ ᠦᠶᠯᠡᠰ ᠢ ᠬᠥᠭᠵᠢᠭᠦᠯᠵᠦ᠂ ᠵᠥᠩ ᠴᠤᠸᠠᠩ ᠬᠤᠯᠪᠣᠭᠠᠯᠠᠨ ᠡᠵᠡᠮᠳᠡᠬᠦ ︵ᠬᠠᠷᠠᠮᠥ᠋ᠷᠡᠨ︶ ᠠᠵᠤ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠵᠤ᠂ ᠣᠶ ᠶᠢᠨ ᠬᠤᠷᠮᠣᠶ ᠳᠤ ᠮᠥᠩᠭᠦᠨ ᠬᠦᠶᠯᠡᠰᠦ ᠳᠠᠷᠢᠬᠤ ᠲᠥᠷᠥᠯ ᠵᠦᠶᠯ ᠢ ᠬᠥᠭᠵᠢᠭᠦᠯᠵᠦ᠂  ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠠᠵᠢᠯᠯᠠᠬᠤ᠂ ᠲᠠᠷᠢᠶᠠᠴᠢᠨ ᠡᠷᠦᠬᠡ ᠣᠷᠣᠯᠴᠠᠬᠤ︾ ᠦᠨᠳᠦᠰᠦᠨ ᠵᠠᠷᠴᠢᠮ ᠶᠣᠰᠣᠭᠠᠷ᠂ ᠨᠢᠭᠡᠳᠦᠯᠲᠡᠶ ᠳᠠᠷᠢᠬᠤ᠂ ᠨᠢᠭᠡᠳᠦᠯᠲᠡᠶ ᠮᠡᠷᠭᠡᠵᠢᠯ ᠤᠨ ᠬᠠᠮᠢᠶᠠᠷᠤᠯᠲᠠ ᠬᠢᠬᠦ᠂ ᠨᠢᠭᠡᠳᠦᠯᠲᠡᠶ ᠬᠤᠳᠠᠯᠳᠤᠨ ᠠᠪᠴᠤ ᠲᠡᠭᠦᠬᠦ ᠬᠠᠮᠢᠶᠠᠷᠤᠯᠲᠠ ᠶᠢᠨ ᠵᠠᠭᠪᠤᠷ ᠢᠶᠠᠷ ᠮᠥᠩᠭᠦᠨ ᠬᠦᠶᠯᠡᠰᠦᠨ ᠤ ᠠᠵᠤ ᠠᠬᠤᠶ ᠶᠢ ᠪᠥᠬᠦ ᠬᠦᠴᠦᠨ ᠢᠶᠠᠷ ᠪᠠᠶᠢᠭᠤᠯᠵᠤ᠂ ᠮᠥᠩᠭᠦᠨ ᠬᠦᠶᠯᠡᠰᠦᠨ ᠤ ᠠᠵᠤ ᠦᠶᠯᠡᠰ ᠤᠨ ᠬᠥᠭᠵᠢᠯᠲᠡ ᠶᠢ ᠪᠠᠲᠤᠯᠠᠪᠠ᠃    ᠮᠥᠩᠭᠦᠨ ᠬᠦᠶᠯᠡᠰᠦ ᠨᠢ ᠵᠢᠷᠭᠤᠭᠠᠨ ᠡᠷᠦᠬᠡ ᠪᠠᠯᠭᠠᠰᠤᠨ ᠤ ᠰᠦᠪᠡᠭᠴᠢᠯᠡᠨ ᠬᠥᠭᠵᠢᠭᠦᠯᠦᠭᠰᠡᠨ ᠰᠢᠨ᠎ᠡ ᠠᠵᠤ ᠦᠶᠯᠡᠰ ᠪᠣᠯᠤᠭᠰᠠᠨ ᠤ ᠬᠤᠪᠢ ᠳᠤ᠂ ᠴᠢᠬᠢ ᠪᠣᠶᠢᠵᠢᠭᠤᠯᠬᠤ᠂ ᠳᠠᠷᠢᠬᠤ᠂ ᠬᠠᠮᠢᠶᠠᠷᠬᠤ᠂ ᠲᠡᠭᠦᠵᠦ ᠬᠤᠷᠢᠶᠠᠬᠤ ᠵᠡᠷᠭᠡ ᠭᠤᠭᠴᠤᠭ᠎ᠠ ᠳᠤ ᠴᠥᠮ ᠶᠡᠭᠡ ᠬᠡᠮᠵᠢᠶᠡᠨ ᠤ ᠬᠥᠳᠡᠯᠮᠦᠷᠢ ᠬᠦᠴᠦ ᠬᠡᠷᠡᠭᠰᠡᠵᠦ᠂ ᠲᠣᠰ ᠠᠵᠤ ᠦᠶᠯᠡᠰ ᠤᠨ ᠬᠥᠭᠵᠢᠯᠲᠡ ᠨᠢ ᠪᠠᠰᠠ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ ᠠᠵᠢᠯ ᠤᠯᠬᠤ ᠲᠣᠬᠢᠶᠠᠯ ᠬᠠᠩᠭᠠᠭᠰᠠᠨ ᠪᠠᠶᠢᠨ᠎ᠠ᠃    ᠮᠥᠩᠭᠦᠨ ᠬᠦᠢᠯᠡᠰᠦ ᠶᠢ ᠤᠷᠭᠤᠮᠠᠯ ᠤᠨ ᠬᠢᠨ ᠤ ︽ᠠᠮᠢᠳᠤ ᠴᠢᠯᠠᠭᠤᠵᠢᠮᠠᠯ︾ ᠭᠡᠳᠡᠭ᠂ ᠮᠥᠩᠭᠦᠨ ᠬᠦᠢᠯᠡᠰᠦ  ᠶᠢᠨ ᠨᠠᠪᠴᠢ ᠶᠢᠨ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠨᠢ ᠣᠬᠤᠷ᠂ ᠪᠡᠯᠡ ᠣᠷᠣᠭᠤᠯᠤᠯᠲᠠ ᠨᠢ ᠦᠷ᠎ᠡ ᠠᠰᠢᠭ ᠤᠯᠬᠤ ᠨᠢ ᠲᠦᠷᠭᠡᠨ᠂ ᠵᠢᠯ ᠪᠦᠷᠢ ᠶᠢᠨ ᠮᠥᠩᠭᠦᠨ ᠬᠦᠢᠯᠡᠰᠦ ᠶᠢᠨ ᠨᠠᠪᠴᠢ ᠶᠢᠨ ᠭᠠᠷᠤᠯᠲᠠ ᠨᠢ ᠴᠦ ᠵᠢᠯ ᠳᠠᠷᠠᠭᠠᠯᠠᠨ ᠨᠡᠮᠡᠭᠳᠡᠵᠦ᠂ ᠠᠰᠢᠭ ᠣᠷᠣᠯᠭ᠎ᠠ ᠨᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠳᠠᠭ᠃ ᠣᠶᠢᠯᠠᠭᠠᠭᠰᠠᠨ ᠢᠶᠠᠷ᠂ 2024 ᠣᠨ ᠳᠤ ᠵᠢᠷᠭᠤᠭᠠᠨ ᠡᠷᠦᠬᠡ ᠶᠢᠨ ᠪᠠᠯᠭᠠᠰᠤᠨ ᠳᠤ ᠨᠡᠶᠢᠲᠡ 1000 ᠭᠠᠷᠤᠶ ᠮᠥ ᠮᠥᠩᠭᠦᠨ ᠬᠦᠶᠯᠡᠰᠦᠨ ᠮᠣᠳᠣ ᠳᠠᠷᠢᠪᠠ᠃    ᠱᠦᠢᠴᠢᠤᠸᠠᠨ ᠪᠠᠯᠭᠠᠰᠤᠨ ᠤ ᠰᠢᠶᠤᠤ ᠫᠤᠤ ᠽᠢ ᠲᠣᠰᠬᠤᠨ ᠤ ᠤᠢ ᠰᠢᠭᠤᠢ ᠶᠢᠨ ᠪᠦᠰᠡ ᠳᠤ ᠣᠷᠣᠬᠤ ᠳᠤ᠂ ᠠᠷᠪᠠᠨ ᠬᠡᠳᠦᠨ ᠠᠵᠢᠯᠴᠢᠨ ᠶᠠᠭ ᠳᠠᠯᠠᠩ ᠪᠤᠰᠬᠠᠬᠤ᠂ ᠲᠠᠷᠢᠬᠤ᠂ ᠰᠢᠷᠣᠢ ᠳᠠᠷᠤᠬᠤ᠂ ᠮᠦᠭᠦ ᠶᠢᠨ ᠮᠠᠲ᠋ᠧᠷᠢᠶᠠᠯ ᠵᠥᠭᠡᠭᠡᠪᠦᠷᠢᠯᠡᠬᠦ᠂ ᠮᠦᠭᠦ ᠶᠢᠨ ᠦᠷ᠎ᠡ ᠲᠠᠷᠢᠬᠤ ᠵᠡᠷᠭᠡ ᠪᠠᠷ ᠶᠠᠭᠠᠷᠠᠯᠳᠤᠵᠤ ᠪᠠᠶᠢᠯ᠎ᠠ᠃
   ︽ᠤᠯᠠᠭᠠᠨ ᠨᠠᠷᠠᠰᠤᠨ ᠮᠦᠭᠦ ᠳᠠᠷᠢᠬᠤ ᠳᠤ ᠬᠠᠮᠤᠭ ᠤᠨ ᠭᠤᠤᠯ ᠨᠢ ᠢᠰᠬᠡᠬᠦ᠂ ᠳᠠᠷᠢᠬᠤ᠂ ᠬᠠᠮᠢᠶᠠᠷᠬᠤ ᠠᠴᠠ ᠮᠥᠭᠦ ᠭᠠᠷᠬᠤ ᠬᠦᠷᠲᠡᠯᠡᠬᠢ ᠳᠥᠷᠪᠡᠨ ᠲᠠᠯ᠎ᠠ ᠪᠣᠯᠤᠨ᠎ᠠ᠂ ᠪᠢᠳᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠵᠠᠪᠠᠯ ᠰᠠᠶᠢᠲᠤᠷ ᠬᠢᠬᠦ ᠬᠡᠷᠡᠭᠲᠡᠶ᠂ ᠵᠠᠪᠠᠯ ᠳᠠᠯᠠᠩ ᠪᠣᠯᠤᠨ ᠳᠠᠯᠠᠩ ᠤᠨ ᠬᠤᠭᠤᠷᠣᠨᠳᠣᠬᠢ ᠮᠥᠷ ᠤᠨ ᠵᠠᠶ ᠶᠢ ᠠᠩᠬᠠᠷᠴᠤ᠂ 60 ᠠᠴᠠ 80 ᠰᠠᠨᠲ᠋ᠢᠮᠧᠲᠷ ᠪᠠᠶᠢᠯᠭᠠᠬᠤ ᠬᠡᠷᠡᠭᠲᠡᠶ᠂ ᠡᠨᠡ ᠪᠣᠯ ᠬᠠᠮᠤᠭ ᠤᠨ ᠰᠠᠶᠢᠨ ᠵᠠᠶ ᠪᠣᠯᠤᠨ᠎ᠠ᠃ ︾ ᠪᠦᠭᠦᠳᠡᠭᠡᠷ ᠢᠶᠠᠨ ᠮᠡᠷᠭᠡᠵᠢᠯᠲᠡᠨ ᠤ ᠵᠢᠯᠣᠭᠤᠳᠤᠯᠭ᠎ᠠ ᠳᠣᠤᠷ᠎ᠠ ᠡᠮᠬᠢ ᠵᠠᠮᠪᠠᠷᠠᠭ᠎ᠠ ᠦᠭᠡᠢ ᠶᠠᠭᠠᠷᠠᠵᠤ ᠪᠠᠶᠢᠨ᠎ᠠ᠃    ᠤᠯᠠᠭᠠᠨ ᠨᠠᠷᠠᠰᠤᠨ ᠮᠦᠭᠦ᠂ ᠪᠠᠰᠠ ᠠᠷᠢᠬᠢ ᠤᠯᠠᠭᠠᠨ ᠪᠥᠮᠪᠥᠭᠡᠯᠢᠭ ᠮᠥᠭᠦ᠂ ᠲᠣᠮᠣ ᠪᠥᠮᠪᠥᠭᠡᠯᠢᠭ ᠮᠥᠭᠦ ᠭᠡᠳᠡᠭ ᠂ ᠲᠣᠮᠣ᠂ ᠥᠩᠭᠡ ᠨᠢ ᠰᠠᠶᠢᠬᠠᠨ᠂ ᠮᠢᠬ᠎ᠠ ᠨᠢ ᠵᠥᠭᠡᠯᠡᠨ᠂ ᠭᠤᠯᠭᠤᠭᠤᠷ ᠪᠠᠷᠢᠭᠤᠯ ᠨᠢ ᠬᠡᠦᠷᠡᠭ᠂ ᠠᠩᠬᠢᠯᠤᠮ᠎ᠠ ᠰᠠᠶᠢᠬᠠᠨ᠂ ᠥᠩᠭᠡ ᠨᠢ ᠰᠠᠶᠢᠬᠠᠨ᠂ ᠠᠮᠲᠠ ᠨᠢ ᠰᠣᠷᠭᠤᠭ᠂ ᠵᠥᠭᠡᠯᠡᠨ᠂ ᠬᠡᠦᠷᠡᠭ᠂ ᠠᠮᠲᠠ ᠨᠢ ᠰᠠᠶᠢᠬᠠᠨ ᠵᠡᠷᠭᠡ ᠣᠨᠴᠠᠯᠢᠭ ᠲᠠᠢ᠂ ᠮᠠᠰᠢ ᠰᠠᠶᠢᠨ ᠠᠮᠲᠠ ᠪᠠ ᠡᠯᠪᠡᠭ ᠪᠠᠶᠠᠯᠢᠭ ᠰᠢᠮ᠎ᠡ ᠲᠡᠵᠢᠭᠡᠯ ᠤᠨ ᠥᠷᠲᠡᠭ ᠨᠢ ᠵᠠᠬ᠎ᠠ ᠳᠡᠯᠭᠡᠭᠦᠷ  ᠤᠨ ᠲᠠᠭᠠᠰᠢᠶᠠᠯ ᠢ ᠣᠯᠤᠨ᠎ᠠ᠃
   ︽ᠮᠠᠨ ᠤ ᠰᠢᠶᠤᠤ ᠫᠤᠤ ᠽᠢ ᠲᠣᠰᠬᠤᠨ ᠤ ᠣᠶᠢᠲᠤ ᠭᠠᠵᠠᠷ ᠤᠨ ᠡᠬᠢ ᠪᠠᠶᠠᠯᠢᠭ ᠡᠯᠪᠡᠭ ᠪᠠᠶᠢᠵᠤ᠂ ᠪᠢᠳᠡ ᠣᠯᠠᠨ ᠤᠳᠠᠭᠠᠨ ᠤ ᠰᠤᠷᠤᠯᠴᠠᠯᠭ᠎ᠠ ᠪᠠ ᠰᠠᠨᠠᠯ ᠬᠤᠷᠢᠶᠠᠬᠤ ᠪᠠᠷ ᠳᠡᠮᠵᠢᠨ᠂ ᠬᠠᠮᠤᠭ ᠰᠡᠭᠦᠯ ᠳᠤᠨᠢ ᠣᠶ ᠶᠢᠨ ᠳᠣᠤᠷ᠎ᠠ ᠤᠯᠠᠭᠠᠨ ᠨᠠᠷᠠᠰᠤ ᠶᠢ ᠳᠠᠷᠢᠵᠤ᠂ ᠤᠯᠠᠭᠠᠨ ᠨᠠᠷᠠᠰᠤ ᠶᠢ ᠳᠠᠷᠢᠪᠠᠯ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠵᠤ᠂ ᠦᠶᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠳᠠᠷᠢᠬᠤ ᠲᠠᠰ ᠳᠠᠷᠠᠭᠠᠯᠠᠯ ᠢ ᠳᠥᠭᠦᠮᠴᠢᠯᠡᠵᠦ ᠪᠣᠯᠤᠨ᠎ᠠ᠂ ᠪᠢᠳᠡ 5 ᠮᠥ ᠲᠤᠷᠰᠢᠨ ᠳᠠᠷᠢᠵᠤ᠂ ᠠᠮᠵᠢᠯᠲᠠ ᠣᠯᠤᠭᠰᠠᠨ ᠤ ᠳᠠᠷᠠᠭ᠎ᠠ ᠳᠠᠷᠢᠬᠤ ᠬᠡᠪᠴᠢᠶ᠎ᠡ ᠪᠠᠨ ᠥᠷᠭᠡᠳᠬᠡᠵᠦ᠂ ᠳᠠᠷᠢᠬᠤ ᠮᠡᠷᠭᠡᠵᠢᠯ ᠪᠠ ᠵᠠᠭᠪᠤᠷ ᠢᠶᠠᠨ ᠪᠥᠬᠦ ᠲᠣᠰᠬᠤᠨ ᠳᠤ ᠳᠡᠯᠭᠡᠷᠡᠭᠦᠯᠵᠦ᠂ ᠥᠨᠳᠥᠷ ᠤᠨᠠᠯᠲᠠ ᠲᠠᠢ᠂ ᠰᠠᠶᠢᠨ ᠬᠤᠷᠢᠶᠠᠯᠲᠠ ᠤᠯᠬᠤ ᠶᠢ ᠬᠦᠰᠡᠵᠦ ᠪᠠᠶᠢᠨ᠎ᠠ᠃︾ ᠭᠡᠵᠦ ᠰᠢᠶᠤᠤ ᠫᠤᠤ ᠽᠢ ᠲᠣᠰᠬᠤᠨ ᠤ ᠨᠠᠮ ᠤᠨ ᠡᠭᠦᠷ ᠤᠨ ᠱᠦᠵᠢ ᠸᠠᠩ ᠶᠢᠨ ᠭᠠᠩ ᠢᠲᠡᠭᠡᠯ ᠳᠦᠭᠦᠷᠡᠩ ᠬᠡᠯᠡᠨ᠎ᠡ᠃    ᠣᠶᠢᠷ᠎ᠠ ᠶᠢᠨ ᠵᠢᠯ ᠤᠳ ᠲᠤ᠂ ᠱᠦᠶ ᠴᠢᠤᠸᠠᠨ ᠪᠠᠯᠭᠠᠰᠤ ᠡᠯᠪᠡᠭ ᠪᠠᠶᠠᠯᠢᠭ ᠣᠶ ᠶᠢᠨ ᠬᠤᠷᠮᠣᠶ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠣᠶ ᠶᠢᠨ ᠬᠤᠷᠮᠣᠶ ᠳᠤ ᠡᠮ ᠤᠨ ᠮᠠᠲ᠋ᠧᠷᠢᠶᠠᠯ᠂ ᠢᠳᠡᠰᠢᠨ ᠤ ᠮᠥᠭᠦ ᠵᠡᠷᠭᠡ ᠶᠢ ᠳᠠᠷᠢᠬᠤ ᠶᠢ ᠢᠳᠡᠪᠬᠢᠲᠡᠶ ᠰᠦᠪᠡᠭᠴᠢᠯᠡᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠤᠯᠠ ᠬᠠᠶᠠᠭᠳᠠᠵᠤ ᠪᠠᠶᠢᠭ᠎ᠠ ᠣᠶ ᠶᠢᠨ ᠬᠤᠷᠮᠣᠶ ᠶᠢᠨ ᠡᠬᠢ ᠪᠠᠶᠠᠯᠢᠭ ᠢ ︽ᠪᠠᠶᠠᠵᠢᠯ  ᠤᠨ ᠭᠠᠵᠠᠷ︾ ᠪᠣᠯᠭᠠᠨ ᠬᠤᠪᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠠᠮᠢ ᠠᠬᠤᠶ ᠬᠢᠭᠡᠳ ᠪᠠᠶᠠᠵᠢᠯ ᠤᠨ ︽ᠬᠤᠤᠰ ᠢᠯᠠᠯᠲᠠ︾ ᠶᠢ ᠪᠡᠶᠡᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号