ᠮᠠᠨ ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/23
   5 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠲᠣᠪᠴᠢ ᠮᠡᠳᠡᠭᠡᠯᠡᠯ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠲᠤᠯᠠᠨ ᠲᠤᠰᠢᠶᠠᠬᠤ ᠠᠰᠠᠷ ᠤᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠲᠥᠬᠦᠷ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃    ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠲᠥᠰᠥᠯ ᠤᠳ ᠤᠨ ᠪᠠᠲᠤᠯᠠᠨ ᠲᠤᠰᠢᠶᠠᠬᠤ ᠠᠰᠠᠷ ᠤᠨ ᠰᠢᠪᠲᠤᠯᠤᠯᠲᠠ ᠶᠢᠨ ᠠᠵᠢᠯ ᠤᠨ ᠲᠥᠰᠥᠯ ᠢ ᠨᠡᠶᠢᠲᠡᠯᠡᠨ᠂ ᠲᠥᠰᠥᠯ ᠤᠳ ᠤᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠴᠢᠨᠠᠷ ᠢ ᠪᠠᠲᠤᠯᠠᠨ ᠲᠤᠰᠢᠶᠠᠬᠤ ᠶᠢ ᠨᠢ ᠠᠬᠢᠭᠤᠯᠵᠤ᠂ ᠰᠢᠯᠭᠠᠭᠠᠳ ᠬᠢᠷᠢ ᠲᠡᠩᠴᠡᠭᠰᠡᠨ ᠠᠰᠠᠷ ᠢ ᠭᠡᠷ᠎ᠡ ᠳᠤ ᠲᠣᠭᠲᠠᠭᠰᠠᠨ ᠬᠤᠭᠤᠴᠠᠭᠠᠨ ᠳᠤ ᠨᠢ ᠠᠷᠠᠳ ᠣᠯᠠᠨ ᠳᠤ ᠣᠯᠭᠤᠨ᠎ᠠ᠃ ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠢ ᠳᠡᠮᠵᠢᠨ ᠵᠣᠬᠢᠰᠲᠠᠢ ᠦᠨ᠎ᠡ ᠪᠠᠷ ᠪᠠᠷᠢᠵᠤ ᠳᠠᠭᠤᠰᠬᠠᠭᠰᠠᠨ ᠴᠤ ᠬᠤᠳᠠᠯᠳᠤᠵᠤ ᠭᠠᠷᠤᠭ᠎ᠠ ᠦᠭᠡᠢ ᠲᠠᠸᠠᠷ ᠤᠨ ᠣᠷᠣᠨ ᠰᠠᠭᠤᠴᠠ ᠨᠤᠭᠤᠳ ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ᠎ᠠ᠃ ᠣᠳᠣᠬᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠴᠤ ᠰᠤᠯᠠ ᠪᠠᠶᠢᠭ᠎ᠠ ᠭᠠᠵᠠᠷ ᠰᠢᠷᠣᠢ ᠶᠢ ᠵᠣᠬᠢᠰᠲᠠᠢ ᠰᠢᠢᠳᠪᠦᠷᠢᠯᠡᠬᠦ᠂ ᠦᠯᠡᠳᠡᠭᠡᠯ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠪᠠᠷ ᠪᠡᠯᠡᠳᠬᠡᠵᠦ ᠪᠠᠶᠢᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠢᠯᠡᠷᠬᠡᠶᠢᠯᠡᠬᠦ ᠳᠤ ᠪᠠᠨ᠂ ᠬᠤᠳᠠᠯᠳᠤᠭᠠᠨ ᠤ ᠪᠠᠩᠬᠢ ᠶᠢ ᠵᠢᠯᠤᠭᠤᠳᠬᠤ ᠪᠠᠷ ᠳᠠᠮᠵᠢᠭᠤᠯᠤᠨ ᠬᠤᠲᠠ ᠶᠢᠨ ᠵᠣᠬᠢᠴᠠᠭᠤᠯᠬᠤ ᠲᠣᠭᠲᠠᠴᠠ ᠲᠠᠢ ᠢᠳᠡᠪᠬᠢᠲᠡᠢ ᠵᠣᠯᠭᠠᠭᠤᠯᠵᠤ᠂ ᠣᠳᠣᠬᠠᠨ ᠳᠤ ᠬᠤᠳᠠᠯᠳᠤᠭᠠᠨ ᠤ ᠪᠠᠩᠬᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠪᠠᠷ ︽ᠴᠠᠭᠠᠨ ᠳᠠᠩᠰᠠ ︾ ᠳᠠᠬᠢ ᠲᠥᠰᠥᠯ ᠤᠳ ᠤᠨ 9350 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢᠭᠡᠨᠲᠡ ᠬᠢᠨᠠᠨ ᠵᠥᠪᠰᠢᠶᠡᠷᠡᠪᠡ ᠭᠡᠵᠡᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号