ᠠᠭᠤᠯᠠᠨ ᠲᠣᠰᠬᠤᠨ ᠤ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠰᠠᠶᠢᠨ ᠰᠠᠶᠢᠬᠠᠨ ᠠᠮᠢᠳᠤᠷᠠᠯ ᠢ ︽ᠬᠠᠶᠢᠴᠢᠯᠠᠵᠤ︾ ᠭᠠᠷᠭᠠᠪᠠ
ᠨᠡᠶᠢᠲᠡᠯᠡᠭᠰᠡᠨ ᠴᠠᠭ᠄
2024/5/23
   ᠰᠢᠶᠤᠤ ᠮᠠᠨ ᠰᠠᠶ᠋ᠢᠬᠠᠨ ᠥᠩᠭᠡᠷᠡᠵᠦ᠂ ᠲᠦᠴᠢᠦᠸᠠᠨ ᠰᠢᠶᠠᠨ ᠤ ᠯᠢᠦ ᠬᠧ ᠪᠠᠯᠭᠠᠰᠤ ᠶᠢᠨ ᠶᠦᠩ ᠹᠠᠨ ᠲᠣᠰᠬᠤᠨ ᠳᠤ ᠬᠦᠷᠬᠦ ᠳᠤ᠂ ᠨᠢᠭᠡ ᠲᠠᠷᠢᠶᠠᠴᠢᠨ ᠠᠶᠢᠯ ᠤᠨ ᠬᠦᠷᠢᠶᠡᠨ ᠳᠤ ᠪᠠᠶᠠᠷ ᠬᠦᠷ ᠢᠶᠠᠷ ᠪᠢᠯᠬᠠᠵᠤ᠂ ᠨᠡᠷᠡᠨ ᠤ ᠭᠡᠷᠡᠯ ᠳᠤ᠂ ᠭᠠᠯ ᠤᠯᠠᠭᠠᠨ ᠴᠣᠩᠬᠤᠨ ᠴᠡᠴᠡᠭ ᠪᠠᠳᠠᠷᠠᠨ ᠳᠡᠯᠭᠡᠷᠡᠭᠰᠡᠨ ᠴᠡᠴᠡᠭ ᠰᠢᠭ ᠬᠠᠷᠠᠭᠳᠠᠨ᠎ᠠ᠃ ᠡᠨᠡ ᠪᠣᠯ ᠶᠦᠩ ᠹᠠᠨ ᠲᠣᠰᠬᠤᠨ ᠤ ᠠᠷᠠᠳ ᠭᠤᠤ ᠵᠦᠩ ᠰᠢᠶᠠ ᠶᠢᠨ ᠭᠡᠷ᠃    ᠭᠤᠤ ᠵᠥᠩ ᠰᠢᠶᠠ ᠶᠢᠨ ᠬᠡᠷ ᠲᠤ ᠣᠷᠣᠪᠠᠯ᠂ ᠰᠢᠨ᠎ᠡ ᠬᠥᠳᠡᠭᠡ ᠲᠣᠰᠬᠤᠨ ᠤ ᠳᠦᠷᠰᠦ ᠪᠠᠶᠢᠳᠠᠯ᠂ ᠴᠡᠪᠡᠷ ᠴᠡᠮᠴᠡᠭᠡᠷ ᠵᠢᠵᠢᠭ ᠬᠦᠷᠢᠶ᠎ᠡ ᠬᠠᠰᠢᠶ᠎ᠠ᠂ ᠠᠭᠤᠵᠢᠮ ᠰᠠᠷᠠᠭᠤᠯ ᠥᠩᠭᠡᠲᠦ ᠪᠣᠯᠣᠳ ᠸᠠᠭᠠᠷ ᠤᠨ ᠬᠡᠷ ᠪᠠᠶᠢᠰᠢᠩ᠂ ᠬᠡᠷ ᠳᠣᠲᠣᠷᠠᠬᠢ ᠵᠠᠰᠠᠯ ᠴᠢᠮᠡᠭᠯᠡᠯ ᠤᠨ ᠬᠡᠪ ᠨᠠᠮᠪᠠ ᠬᠡᠷ ᠤᠨ ᠡᠳ᠋ᠯᠡᠯ ᠤᠨ ᠡᠳ᠋ᠯᠡᠯ ᠬᠡᠷᠡᠭᠰᠡᠯ ᠨᠢ ᠬᠤᠲᠠ ᠶᠢᠨ ᠬᠢ ᠲᠠᠢ ᠡᠭᠡᠭᠡ ᠠᠳᠠᠯᠢ ᠪᠠᠶᠢᠵᠤ᠂ ᠨᠢᠭᠡ ᠬᠡᠷ ᠤᠨ ᠨᠠᠰᠤᠲᠠᠶ ᠨᠢᠯᠬ᠎ᠠ ᠶᠢᠨ ᠠᠮᠢᠳᠤᠷᠠᠯ ᠠᠳᠡ ᠪᠠᠶᠠᠷ ᠬᠥᠷ ᠲᠠᠢ ᠪᠠᠶᠢᠬᠤ ᠶᠢ ᠪᠢᠳᠡ ᠦᠨᠡᠨ ᠰᠡᠳᠬᠢᠯ ᠠᠴᠠ ᠪᠠᠨ ᠮᠡᠳᠡᠷᠡᠵᠦ ᠪᠣᠯᠤᠨ᠎ᠠ᠃    ᠡᠨᠡ ᠵᠢᠯ 58 ᠨᠠᠰᠤᠲᠠᠢ ᠭᠤᠤ ᠵᠦᠩ ᠰᠢᠶᠠ ᠪᠣᠯ ᠶᠦᠩ ᠹᠠᠨ ᠲᠣᠰᠬᠤᠨ ᠤ ᠨᠢᠭᠡᠨ ᠵᠢᠩᠬᠢᠨᠢ ᠬᠥᠳᠡᠭᠡ ᠶᠢᠨ ᠡᠮᠡᠭᠲᠡᠢ ᠪᠣᠯᠤᠨ᠎ᠠ᠂ ᠪᠠᠭ᠎ᠠ ᠪᠠᠶᠢᠬᠤ ᠦᠶ᠎ᠡ ᠳᠤ᠂ ᠲᠡᠷᠡ ᠡᠵᠢ ᠶᠢᠨ ᠢᠶᠠᠨ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠴᠠᠭᠠᠰᠤᠨ ᠬᠠᠶᠢᠴᠢᠯᠠᠮᠠᠯ ᠨᠠᠭᠠᠵᠤ ᠴᠣᠩᠬᠤᠨ ᠬᠤᠸᠠᠷ ᠨᠠᠭᠠᠬᠤ ᠶᠢ ᠣᠯᠵᠤ ᠦᠵᠡᠭᠡᠳ᠂ ᠴᠢᠬᠢᠨ ᠳᠤ ᠲᠠᠭᠠᠰᠢᠶᠠᠭᠳᠠᠭᠰᠠᠨ ᠬᠠᠷᠠᠴᠠ ᠪᠠᠷ ᠴᠠᠭᠠᠰᠤᠨ ᠬᠠᠶᠢᠴᠢᠯᠠᠮᠠᠯ ᠳᠤ ᠰᠣᠨᠢᠷᠬᠠᠯ ᠲᠠᠢ ᠪᠣᠯᠵᠠᠢ᠃ ᠲᠡᠷᠡ ᠣᠶᠢᠶ᠎ᠠ ᠳᠤ ᠲᠡᠷᠡ ᠵᠥᠪᠬᠡᠨ ᠮᠠᠰᠢ ᠭᠠᠢᠬᠠᠮᠰᠢᠭᠲᠠᠢ ᠰᠠᠨᠠᠭᠳᠠᠪᠠ᠂ ᠡᠵᠢ ᠶᠢᠨ ᠢᠶᠠᠨ ᠭᠠᠷ ᠲᠤ ᠨᠢᠭᠡ ᠬᠠᠭᠤᠳᠠᠰᠤ ᠴᠠᠭᠠᠰᠤ ᠨᠢ ᠠᠮᠢᠳᠤᠷᠠᠯ ᠪᠠ ᠶᠢᠷᠲᠢᠨᠴᠦ ᠶᠢᠨ ᠲᠦᠮᠡᠨ ᠪᠣᠳᠠᠰ ᠢ ᠠᠴᠢᠭᠰᠠᠨ ᠰᠣᠯᠣᠩᠭᠠᠷᠠᠭᠰᠠᠨ ᠶᠢᠷᠲᠢᠨᠴᠦ ᠪᠣᠯᠪᠠ᠃ᠡ᠊    ‍ᠵᠢ ᠨᠢ ᠲᠡᠭᠦᠨ ᠢ ᠪᠡᠶᠡᠴᠢᠯᠡᠨ ᠵᠢᠭᠠᠵᠤ᠂ ᠨᠢᠭᠡᠨ ᠳᠥᠭᠦᠮᠬᠡᠨ ᠴᠡᠴᠡᠭ ᠡᠪᠡᠰᠦ ᠠᠴᠠ ᠪᠢᠴᠢᠬᠠᠨ ᠠᠮᠢᠲᠠᠨ ᠬᠦᠷᠲᠡᠯ᠎ᠡ᠂ ᠳᠠᠬᠢᠨ ᠪᠤᠳᠤᠯᠢᠶᠠᠨᠲᠠᠶ ᠬᠥᠮᠦᠨ ᠬᠦᠷᠲᠡᠯ᠎ᠡ ᠠᠭᠠᠵᠢᠮ ᠢᠶᠠᠷ ᠴᠠᠭᠠᠰᠤ ᠬᠠᠶᠢᠴᠢᠯᠠᠬᠤ ᠦᠨᠳᠦᠰᠦᠨ ᠠᠷᠭ᠎ᠠ  ᠶᠢ ᠡᠵᠡᠮᠰᠢᠪᠡ᠂ ᠨᠠᠰᠤᠨ ᠤ ᠨᠡᠮᠡᠭᠳᠡᠬᠦ ᠶᠢ ᠳᠠᠭᠠᠯᠳᠤᠨ ᠲᠡᠷᠡ ᠪᠠᠰᠠ ᠴᠠᠭᠠᠰᠤᠨ ᠬᠠᠶᠢᠴᠢᠯᠠᠮᠠᠯ ᠤᠨ ᠲᠤᠬᠠᠶ ᠥᠪᠡᠷ  ᠤᠨ ᠣᠶᠢᠯᠠᠭᠠᠯᠲᠠ ᠲᠠᠢ ᠪᠣᠯᠵᠠᠶ᠃    ︽ᠮᠢᠨᠦ ᠴᠠᠭᠠᠰᠤᠨ ᠬᠠᠶᠢᠴᠢᠯᠠᠮᠠᠯ ᠦᠨᠳᠦᠰᠦᠨ ᠳᠡᠭᠡᠨ ᠪᠦᠷ ᠬᠥᠳᠡᠭᠡ ᠲᠣᠰᠬᠤᠨ ᠤ ᠠᠮᠢᠳᠤᠷᠠᠯ ᠤᠨ ᠠᠬᠤᠶ ᠪᠠᠶᠢᠳᠠᠯ ᠢᠶᠠᠷ ᠪᠣᠷᠣ ᠮᠠᠲ᠋ᠧᠷᠢᠶᠠᠯ ᠪᠣᠯᠭᠠᠳᠠᠭ᠂ ᠮᠠᠰᠢ ᠣᠯᠠᠨ ᠪᠠᠶᠢᠳᠠᠯ ᠢ ᠣᠲᠣ ᠣᠯᠵᠤ ᠦᠵᠡᠬᠦᠶ᠎ᠡ ᠪᠡᠷᠬᠡ᠂ ᠪᠢ ᠡᠲᠡᠭᠡᠷ ᠪᠠᠭ᠎ᠠ ᠶᠢᠨ ᠦᠶ᠎ᠡ ᠶᠢᠨ ᠠᠮᠢᠳᠤᠷᠠᠯ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠠᠭᠠᠰᠤᠨ ᠬᠠᠶᠢᠴᠢᠯᠠᠮᠠᠯ  ᠢᠶᠠᠷ ᠲᠡᠮᠳᠡᠭᠯᠡᠶ᠎ᠡ ᠭᠡᠵᠦ ᠪᠤᠳᠤᠵᠤ ᠪᠠᠶᠢᠨ᠎ᠠ᠃︾ ᠭᠡᠵᠦ ᠭᠤᠤ ᠵᠦᠩ ᠰᠢᠶᠠ ᠬᠡᠯᠡᠪᠡ᠃    ᠭᠤᠤ ᠵᠦᠩ ᠰᠢᠶᠠ ᠤᠬᠠᠭᠠᠨ ᠰᠡᠷᠭᠦᠯᠡᠩ ᠭᠠᠷ ᠤᠷᠠᠨ᠂ ᠬᠠᠷᠠᠬᠠᠨ ᠪᠠᠭ᠎ᠠ ᠠᠴᠠ ᠪᠠᠨ ᠴᠠᠭᠠᠰᠤᠨ ᠬᠠᠶᠢᠴᠢᠯᠠᠮᠠᠯ  ᠳᠤ ᠣᠨᠴᠠ ᠳᠤᠷᠠᠲᠠᠢ᠂ ᠦᠷ᠎ᠡ ᠬᠡᠦᠬᠡᠳ ᠨᠢ ᠪᠦᠷ ᠠᠶᠢᠯ ᠭᠡᠷ ᠪᠣᠯᠤᠭᠰᠠᠨ ᠤ ᠳᠠᠷᠠᠭ᠎ᠠ᠂ ᠲᠡᠷᠡ ᠡᠴᠦᠰ ᠲᠡᠭᠡᠨ ᠰᠤᠯᠠ ᠰᠡᠯᠡᠭᠦᠦ ᠪᠣᠯᠣᠭᠠᠳ᠂ ᠴᠠᠭᠠᠰᠤ ᠬᠠᠶᠢᠴᠢᠯᠠᠬᠤ ᠪᠠᠷ ᠣᠴᠢᠬᠤ ᠨᠡᠩ ᠤᠯᠠᠨ ᠴᠠᠭ ᠲᠠᠢ ᠪᠣᠯᠪᠠ᠃ ᠵᠢᠷᠤᠭ ᠳᠦᠷᠰᠦ ᠨᠢ ᠪᠦᠷ ᠳᠤᠷᠠᠲᠠᠶ ᠶᠢ ᠨᠢ ᠦᠵᠡᠪᠡᠯ ᠲᠡᠮᠳᠡᠭᠯᠡᠵᠦ ᠠᠪᠤᠭᠠᠳ ᠪᠦᠲᠦᠭᠡᠭᠳᠡᠬᠦᠨ ᠪᠣᠯᠭᠠᠨ᠎ᠠ᠃ ᠭᠤᠤ ᠵᠦᠩ ᠰᠢᠶᠠ ᠠᠩᠬ᠎ᠠ ᠡᠬᠢᠯᠡᠵᠦ ᠰᠤᠷᠬᠤ ᠳᠠᠭᠠᠨ ᠮᠠᠰᠢ ᠤᠯᠠᠨ ᠵᠢᠵᠢᠭ ᠵᠢᠷᠤᠭ ᠢ ᠬᠠᠶᠢᠴᠢᠯᠠᠨ ᠭᠠᠷᠭᠠᠵᠤ᠂ ᠳᠡᠭᠡᠷ᠎ᠡ ᠨᠢ ᠨᠠᠭᠠᠵᠤ᠂ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ᠂ ᠡᠯ᠎ᠡ ᠵᠦᠢᠯ ᠤᠨ ᠵᠢᠷᠤᠭ ᠢ ᠵᠣᠬᠢᠶᠠᠨ ᠪᠦᠲᠦᠭᠡᠵᠦ᠂ ᠪᠤᠶᠠᠨ ᠦᠰᠦᠭ᠂ ᠠᠷᠪᠠᠨ ᠬᠤᠶᠠᠷ ᠵᠢᠯ᠂ ᠵᠢᠯ ᠵᠢᠯ ᠦᠯᠡᠳᠡᠪᠦᠷᠢ ᠲᠠᠢ ᠵᠡᠷᠭᠡ ᠪᠦᠲᠦᠭᠡᠯ ᠢ ᠬᠠᠶᠢᠴᠢᠯᠠᠨ ᠭᠠᠷᠭᠠᠪᠠ᠃ ᠨᠢᠭᠡ ᠨᠢᠭᠡ ᠪᠠᠷ ᠢᠶᠠᠨ ᠪᠦᠷ ᠠᠳᠠᠯᠢ ᠦᠭᠡᠢ᠂ ᠦᠨᠡᠬᠡᠷ ᠰᠣᠨᠢᠷᠬᠠᠯᠲᠠᠶ᠂ ᠬᠥᠮᠦᠨ ᠢ ᠱᠠᠭᠰᠢᠭᠤᠯᠤᠮᠠᠷ᠃    ᠭᠤᠤ ᠵᠥᠩ ᠰᠢᠶᠠ ᠶᠢᠨ ᠴᠠᠭᠠᠰᠤᠨ ᠬᠠᠶᠢᠴᠢᠯᠠᠮᠠᠯ ᠨᠢ ᠠᠮᠢᠳᠤᠷᠠᠯ ᠳᠤ ᠣᠶᠢᠷᠠᠲᠤᠬᠤ ᠶᠢ ᠴᠢᠬᠤᠯᠠᠴᠢᠯᠠᠳᠠᠭ᠃ ᠲᠥᠯᠥᠭᠡᠯᠡᠬᠦ ᠴᠢᠨᠠᠷᠲᠠᠶ ᠪᠦᠲᠦᠭᠡᠯ ᠨᠢ ᠣᠯᠠᠨ ᠶᠠᠩᠵᠤ ᠶᠢᠨ ᠬᠢᠩᠭᠠᠨ᠂ ᠦᠵᠡᠰᠬᠦᠯᠡᠩᠲᠦ ᠰᠠᠶᠢᠬᠠᠨ ᠲᠦᠴᠢᠦᠸᠠᠨ᠂ ᠲᠠᠷᠢᠶᠠᠯᠠᠬᠤ ᠰᠣᠶᠣᠯ ᠤᠨ ᠰᠢᠷᠢᠰ᠂ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠰᠢᠷᠢᠰ ᠵᠡᠷᠭᠡ ᠴᠠᠭᠠᠰᠤᠨ ᠬᠠᠶᠢᠴᠢᠯᠠᠮᠠᠯ ᠤᠨ ᠪᠦᠲᠦᠭᠡᠯ ᠲᠠᠢ᠂ ᠡᠲᠡᠭᠡᠷ ᠰᠡᠳᠦᠪ ᠤᠨ ᠣᠯᠠᠩᠬᠢ ᠨᠢ ᠠᠮᠢᠳᠤᠷᠠᠯ ᠠᠴᠠ ᠢᠷᠡᠯᠲᠡ ᠲᠠᠢ ᠂ ᠥᠩᠭᠡ ᠢᠯᠭᠠᠷᠠᠭᠰᠠᠨ ᠴᠠᠭᠠᠰᠤᠨ ᠳᠤ ᠲᠡᠭᠦᠨ ᠤ ᠠᠮᠢᠳᠤᠷᠠᠯ᠂ ᠨᠤᠲᠤᠭ ᠤᠰᠤᠨ ᠳᠠᠭᠠᠨ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠳᠤᠷᠠᠯᠠᠯ ᠪᠠᠭᠲᠠᠵᠤ ᠪᠠᠶᠢᠳᠠᠭ︕    ︽ᠤᠴᠢᠷ ᠦᠭᠡᠢ ᠣᠶᠢᠶ᠎ᠠ ᠳᠤ᠂ ᠪᠢ ᠪᠦᠷ ᠨᠤᠲᠤᠭ ᠤᠨ ᠠᠭᠤᠯᠠ᠂ ᠨᠤᠲᠤᠭ ᠤᠨ ᠤᠰᠤ ᠶᠢ ᠬᠠᠶᠢᠴᠢᠯᠠᠨ᠎ᠠ᠂ ᠶᠠᠭᠤ ᠦᠵᠡᠪᠡᠯ ᠶᠠᠭᠤ ᠬᠠᠶᠢᠴᠢᠯᠠᠨ᠎ᠠ᠃ ᠭᠠᠳᠠᠨ᠎ᠠ ᠭᠠᠵᠠᠷ ᠵᠤᠭᠠᠴᠠᠬᠤ ᠪᠠᠷ ᠶᠠᠪᠤᠪᠠᠯ᠂ ᠪᠠᠰᠠ ᠥᠪᠡᠷ ᠤᠨ ᠳᠤᠷᠠᠲᠠᠢ ᠬᠡᠷᠡᠭ ᠪᠣᠳᠠᠰ ᠢᠶᠠᠨ ᠠᠩᠬᠠᠷᠴᠤ᠂ ᠬᠠᠷᠢᠵᠤ ᠢᠷᠡᠮᠡᠭᠴᠡ ᠲᠡᠭᠦᠨ ᠢ ᠬᠠᠶᠢᠴᠢᠯᠠᠨ᠎ᠠ᠃︾ ᠭᠡᠵᠦ ᠭᠤᠤ ᠵᠦᠩ ᠰᠢᠶᠠ ᠬᠡᠯᠡᠬᠦ ᠶᠢᠨ ᠳᠠᠭᠠᠤ ᠭᠠᠷ ᠬᠥᠳᠡᠯᠵᠦ᠂ ᠲᠡᠭᠦᠨ ᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨ ᠴᠠᠭᠠᠰᠤ ᠶᠢ ᠭᠠᠷ ᠳᠡᠭᠡᠷ᠎ᠡ ᠪᠠᠨ ᠲᠠᠰᠤᠷᠠᠯᠲᠠ ᠦᠭᠡᠢ ᠤᠷᠪᠠᠭᠤᠯᠵᠤ᠂ ᠬᠡᠳᠦᠬᠡᠨ ᠬᠠᠶᠢᠴᠢ ᠪᠠᠷ ᠨᠢᠭᠡ ᠬᠥᠭᠡᠷᠦᠬᠦᠨ ᠪᠤᠭᠤ ᠮᠡᠨᠳᠦᠯᠡᠪᠡ᠃    ᠬᠠᠶᠢᠴᠢᠮᠠᠯ ᠨᠢ ᠪᠤᠰᠤᠳ ᠭᠠᠷ ᠤᠷᠠᠯᠠᠯ ᠲᠠᠢ ᠠᠳᠠᠯᠢ ᠦᠭᠡᠶ᠂ ᠬᠦᠯᠢᠴᠡᠩᠭᠦᠶ᠂ ᠲᠡᠰᠪᠦᠷᠢᠲᠡᠶ᠂ ᠨᠠᠷᠢᠨ ᠬᠢᠨᠠᠮᠠᠭᠠᠶ ᠪᠠᠶᠢᠬᠤ ᠬᠡᠷᠡᠭᠲᠡᠶ᠂ ᠪᠠᠭ᠎ᠠ ᠯᠠ ᠬᠢᠴᠢᠶᠡᠬᠦ ᠦᠭᠡᠶ ᠪᠣᠯ ᠪᠤᠷᠤᠭᠤ ᠭᠠᠷᠤᠨ᠎ᠠ᠂ ᠭᠤᠣ ᠵᠥᠩ ᠰᠢᠶᠠ ᠶᠢᠨ ᠦᠭᠡ ᠪᠠᠷ ᠬᠡᠯᠡᠪᠡᠯ᠂ ︽ᠮᠢᠩᠭ᠎ᠠ ᠬᠠᠶᠢᠴᠢᠯᠠᠭᠰᠠᠨ ᠴᠤ ᠲᠠᠰᠤᠷᠠᠬᠤ ᠦᠭᠡᠢ︾᠂ ᠨᠢᠭᠡ ᠬᠠᠭᠤᠳᠠᠰᠤ ᠪᠦᠷᠢᠨ ᠪᠦᠲᠦᠨ ᠬᠠᠶᠢᠴᠢᠯᠠᠮᠠᠯ ᠤᠨ ᠬᠡᠰᠡᠭ ᠪᠦᠷᠢ ᠶᠢ ᠬᠤᠯᠪᠣᠬᠤ ᠬᠡᠷᠡᠭᠲᠡᠶ᠃    ᠪᠢᠴᠢᠬᠠᠨ ᠬᠠᠶᠢᠴᠢᠮᠠᠯ ᠲᠡᠭᠦᠨ ᠤ ᠭᠤᠸ᠎ᠠ ᠰᠠᠶᠢᠬᠠᠨ ᠳᠤ ᠳᠤᠷᠠᠲᠠᠢ᠂ ᠭᠤᠸ᠎ᠠ ᠰᠠᠶᠢᠬᠠᠨ ᠢ ᠡᠭᠦᠳᠦᠨ ᠪᠦᠲᠦᠭᠡᠳᠡᠭ ᠣᠪᠣᠷ ᠢ ᠨᠢ ᠬᠠᠶᠢᠴᠢᠯᠠᠨ ᠭᠠᠷᠭᠠᠵᠤ᠂ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠨᠢ ᠨᠡᠩ ᠴᠤ ᠬᠠᠶᠢᠴᠢᠯᠠᠨ ᠭᠠᠷᠭᠠᠵᠠᠢ᠃ ︽ᠬᠡᠷᠪᠡ ᠬᠥᠮᠦᠨ ᠰᠤᠷᠬᠤ ᠰᠠᠨᠠᠭ᠎ᠠ ᠲᠠᠢ ᠪᠣᠯ᠂ ᠪᠢ ᠡᠨᠡ ᠭᠠᠷ ᠤᠷᠠᠯᠠᠯ ᠢ ᠤᠯᠠᠮᠵᠢᠯᠠᠬᠤ ᠳᠤᠷᠠᠲᠠᠶ᠃︾ ᠭᠡᠵᠦ ᠭᠤᠤ ᠵᠦᠩ ᠰᠢᠶᠠ ᠬᠡᠯᠡᠨ᠎ᠡ᠃ ᠲᠡᠷᠡ ᠨᠡᠩ ᠤᠯᠠᠨ ᠬᠥᠮᠦᠰ ᠢ ᠴᠠᠭᠠᠰᠤᠨ ᠬᠠᠶᠢᠴᠢᠯᠠᠮᠠᠯ ᠭᠡᠬᠦ ᠡᠨᠡ ᠬᠦ ᠠᠷᠠᠳ ᠤᠨ ᠤᠷᠠᠯᠢᠭ ᠲᠤ ᠪᠠᠭ᠋ᠠᠲᠠᠢ ᠪᠣᠯᠭᠠᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠤᠯᠠᠮᠵᠢᠯᠠᠬᠤ ᠶᠢ ᠬᠦᠰᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号