ᠲᠦᠴᠢᠦᠸᠠᠨ ᠰᠢᠶᠠᠨ ︽5 . 23︾ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
   5 ᠰᠠᠷ᠎ᠠ ᠶᠢᠨ 23 ᠤ ᠡᠳᠦᠷ ᠪᠣᠯ ︽ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠳᠤᠷᠠᠴᠤᠳ  ᠤᠨ ᠦᠶᠯᠡᠴᠢᠯᠡᠭᠡᠨ ᠤ ᠡᠳᠦᠷ︾ ᠪᠣᠯᠤᠨ᠎ᠠ᠂ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠳᠬ᠎ᠠ ᠤᠷᠠᠯᠢᠭ ᠤᠨ ᠰᠠᠶᠢᠨ ᠳᠤᠷᠠᠴᠤᠳ ᠢ ᠢᠳᠡᠪᠬᠢᠲᠡᠶ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠳᠬ᠎ᠠ ᠤᠷᠠᠯᠢᠭ ᠤᠨ ᠰᠠᠶᠢᠨ ᠳᠤᠷᠠᠴᠤᠳ ᠤᠨ ᠦᠶᠯᠡᠴᠢᠯᠡᠭᠡᠨ ᠤ ᠠᠵᠢᠯᠯᠠᠭ᠎ᠠ ᠶᠢ ᠥᠷᠭᠡᠨ  ᠢᠶᠠᠷ ᠥᠷᠨᠢᠭᠦᠯᠵᠦ᠂ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠬᠡᠯᠪᠡᠷᠢ ᠪᠠᠷ ᠭᠤᠶᠢᠳᠠ ᠰᠠᠶᠢᠬᠠᠨ ᠤᠳᠬ᠎ᠠ ᠤᠷᠠᠯᠢᠭ ᠤᠨ ᠲᠣᠭᠯᠠᠯᠲᠠ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠮᠡᠳᠡᠷᠡᠪᠡ᠃    ᠬᠠᠷ᠎ᠠ ᠥᠷᠯᠥᠭᠡ᠂ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠤᠳᠬ᠎ᠠ ᠤᠷᠠᠯᠢᠭ ᠤᠨ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠲᠠᠢ ᠫᠢᠩ ᠰᠢᠶᠠᠩ ᠤᠨ ᠥ᠋ ᠰᠠᠨ ᠲᠣᠰᠬᠤᠨ ᠳᠤ ᠬᠦᠷᠴᠦ᠂ ᠳᠠᠭᠤᠤ ᠪᠥᠵᠢᠭ ᠲᠤ ᠠᠪᠢᠶᠠᠰ ᠲᠠᠢ ᠥ᠋ ᠰᠠᠨ ᠲᠣᠰᠬᠤᠨ ᠤ ᠠᠷᠠᠳ ᠲᠠᠢ ᠬᠠᠮᠲᠤ ᠲᠠᠶᠢᠰᠠᠨ ᠳᠤ ᠭᠠᠷᠴᠤ ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠡᠳᠦᠷ ᠲᠤ ᠪᠡᠯᠡᠭ ᠬᠦᠷᠭᠡᠪᠡ᠃    ᠠᠬᠤᠶ ᠲᠠᠯᠠᠪᠠᠶ ᠶᠢᠨ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠳᠠᠭᠤᠤ ᠪᠥᠵᠢᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠪᠠᠶᠢᠬᠤ ᠪᠠᠷ ᠪᠠᠷᠠᠬᠤ ᠥᠬᠡᠶ᠂ ᠪᠠᠰᠠ ᠳᠠᠭᠤᠤ ᠶᠢᠨ ᠬᠠᠪᠰᠤᠷᠤᠨ ᠵᠢᠯᠣᠭᠤᠳᠣᠯᠭ᠎ᠠ᠂ ᠤᠷᠠᠨ ᠪᠢᠴᠢᠯᠭᠡ ᠤᠷᠠᠨ ᠵᠢᠷᠤᠭ  ᠤᠨ ᠦᠵᠡᠭᠦᠯᠭᠡ᠂ ᠪᠢ ᠲᠣᠰᠬᠤᠨ ᠤ ᠠᠷᠠᠳ ᠲᠤ ᠬᠥᠷᠥᠭ ᠵᠢᠷᠤᠭ ᠵᠢᠷᠤᠵᠤ ᠥᠭᠬᠦ ᠵᠡᠷᠭᠡ ᠠᠵᠢᠯᠯᠠᠭ᠎ᠠ ᠪᠠᠶᠢᠵᠤ᠂ ᠠᠬᠤᠶ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠪᠠᠶᠠᠷ ᠬᠥᠷ ᠢᠶᠠᠷ ᠪᠢᠯᠬᠠᠵᠤ ᠪᠠᠶᠢᠯ᠎ᠠ᠃    ᠬᠥᠷᠥᠰᠥ ᠰᠢᠷᠣᠢ ᠶᠢᠨ ᠦᠨᠦᠷ ᠬᠠᠩᠬᠤᠯᠤᠭᠰᠠᠨ᠂ ᠴᠠᠭ ᠦᠶ᠎ᠡ ᠶᠢᠨ ᠦᠨᠦᠷ ᠬᠠᠩᠬᠤᠯᠤᠭᠰᠠᠨ ᠲᠣᠰᠬᠤᠨ ᠤ ᠳᠠᠭᠤᠤ ︽ᠲᠠᠪᠤᠨ ᠭᠤᠷᠪᠠᠨ ᠬᠥᠮᠦᠨ︾ ᠨᠢ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠠᠭᠤ ᠰᠠᠶᠢᠬᠠᠨ ᠠᠶᠠᠰ ᠢ ᠳᠠᠭᠤᠯᠠᠵᠤ᠂ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠢ ᠳᠠᠭᠤᠯᠠᠭᠰᠠᠨ ᠪᠠᠶᠢᠨ᠎ᠠ᠃    ︽ᠲᠣᠰᠬᠤᠨ ᠤ ᠳᠠᠭᠤᠤ ︿ᠥ᠋ ᠰᠠᠨ ᠤ ᠬᠦᠮᠦᠨ﹀ ᠨᠢ ᠲᠣᠰᠬᠤᠨ ᠤ ᠦᠵᠡᠮᠵᠢ ᠭᠤᠶᠤ᠂ ᠬᠥᠮᠦᠨ ᠭᠤᠶᠤ᠂ ᠰᠡᠳᠬᠢᠯ ᠨᠡᠩ ᠭᠤᠶᠤ ᠪᠠᠶᠢᠵᠤ᠂ ᠨᠡᠩ ᠴᠤ ᠮᠠᠨ ᠤ ᠬᠦᠷᠢᠶᠡᠨ ᠤ ᠪᠣᠷᠣ ᠰᠠᠷᠢᠮᠰᠠᠭ᠂ ᠠᠷᠠᠳ ᠤᠯᠠᠨ ᠤ ᠠᠯᠳᠠᠨ ᠠᠶᠠᠭ᠎ᠠ ᠲᠠᠢ ᠪᠠᠶᠠᠨ ᠴᠢᠨᠡᠭᠡᠯᠢᠭ ᠠᠮᠢᠳᠤᠷᠠᠯ ᠢ ᠳᠠᠭᠤᠯᠠᠭᠰᠠᠨ ᠪᠠᠶᠢᠨ᠎ᠠ᠃︾ ᠭᠡᠵᠦ ᠥ᠋ ᠰᠠᠨ ᠲᠣᠰᠬᠤᠨ ᠤ ᠠᠷᠠᠳ ᠹᠠᠨ ᠰᠢ ᠹᠠᠩ ᠪᠠᠶᠠᠷ ᠬᠦᠷ ᠲᠠᠢ ᠬᠡᠯᠡᠨ᠎ᠡ᠃    ᠲᠦᠴᠢᠦᠸᠠᠨ ᠰᠢᠶᠠᠨ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠴᠢᠦᠸᠠᠨ ᠤ ᠰᠣᠶᠣᠯ  ᠤᠨ ᠵᠣᠷᠢᠭ ᠰᠠᠨᠠᠭ᠎ᠠ ᠪᠠᠷ ᠠᠴᠢᠶᠠᠯᠠᠪᠤᠷᠢ ᠪᠣᠯᠭᠠᠵᠤ᠂ ᠪᠦᠬᠦ ᠰᠢᠶᠠᠨ ᠤ 188 ᠵᠠᠰᠠᠭ ᠵᠠᠬᠢᠷᠭᠠᠨ ᠤ ᠲᠣᠰᠬᠤᠨ ᠳᠤ ᠰᠣᠶᠣᠯ ᠤᠳᠬ᠎ᠠ ᠤᠷᠠᠯᠢᠭ ᠤᠨ ᠰᠠᠭᠤᠷᠢ ᠪᠠᠷ ᠨᠡᠯᠢᠶᠡᠳ ᠰᠠᠶᠢᠨ ᠠᠶᠢᠯ ᠲᠣᠰᠬᠤᠨ ᠢ ᠰᠣᠩᠭᠤᠨ ︽ᠰᠣᠶᠣᠯ ᠤᠨ ᠲᠣᠰᠬᠤᠨ ᠤ ᠳᠠᠷᠤᠭ᠎ᠠ︾ ᠶᠢᠨ ᠲᠦᠷᠦᠯ ᠵᠦᠢᠯ ᠢ ᠬᠡᠷᠡᠭᠵᠢᠭᠦᠯᠵᠦ᠂ ︽ᠰᠣᠶᠣᠯ ᠤᠨ ᠲᠣᠰᠬᠤᠨ ᠤ ᠳᠠᠷᠤᠭ᠎ᠠ︾ ᠠᠶᠢᠯ ᠲᠣᠰᠬᠤᠨ ᠳᠤ ᠭᠦᠨᠵᠡᠭᠡᠶᠢᠷᠡᠨ᠂ ᠥᠪᠡᠷ ᠤᠨ ᠪᠡᠶ᠎ᠡ ᠪᠠᠷ ᠢᠶᠠᠨ ᠲᠠᠷᠢᠶᠠᠴᠢᠳ ᠲᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠤᠨ ᠤᠳᠬ᠎ᠠ ᠤᠷᠠᠯᠢᠭ ᠤᠨ ᠤᠷ᠎ᠠ ᠴᠢᠳᠠᠪᠤᠷᠢ ᠶᠢ ᠵᠢᠭᠠᠵᠤ᠂ ᠪᠠᠰᠠ ︽ᠠᠷᠠᠳ ᠲᠦᠮᠡᠨ ᠤ ᠲᠥᠯᠥᠭᠡ ᠪᠥᠵᠢᠭᠯᠡᠨ᠎ᠡ︾᠂ ︽ᠲᠣᠰᠬᠤᠨ ᠤ ᠳᠠᠭᠤᠤ ᠬᠠᠩᠭᠢᠨᠠᠮ᠎ᠠ︾ ᠵᠡᠷᠭᠡ ᠤᠯᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠲᠤᠰᠬᠠᠶᠢᠯᠠᠨ ᠲᠥᠰᠦᠪᠯᠡᠨ ᠭᠠᠷᠭᠠᠵᠤ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠂ ᠭᠠᠷ ᠤᠷᠠᠯᠠᠯ᠂ ᠳᠠᠭᠤᠤ ᠪᠥᠵᠢᠭ᠂ ᠬᠥᠭᠵᠢᠮ ᠤᠨ ᠬᠥᠭᠵᠢᠮ ᠵᠡᠷᠭᠡ ᠤᠯᠠᠨ ᠤᠷᠠᠯᠢᠭ ᠤᠨ ᠲᠦᠷᠦᠯ ᠵᠦᠢᠯ ᠢ ᠬᠠᠮᠤᠷᠴᠠᠢ᠃    ︽︿ᠰᠣᠶᠣᠯ ᠤᠨ ᠲᠣᠰᠬᠤᠨ ᠤ ᠳᠠᠷᠤᠭ᠎ᠠ﹀ ᠪᠣᠯᠤᠭᠰᠠᠨ ᠤ ᠬᠤᠪᠢ ᠳᠤ᠂ ᠪᠢ ᠬᠥᠳᠡᠭᠡ ᠲᠣᠰᠬᠤᠨ ᠤ ᠬᠥᠭᠵᠢᠯᠲᠡ ᠳᠤ ᠨᠡᠩ ᠨᠡᠶᠢᠴᠡᠬᠦ᠂ ᠤᠯᠠᠨ ᠲᠦᠮᠡᠨ ᠤ ᠬᠡᠷᠡᠭᠴᠡᠭᠡ ᠳᠤ ᠨᠡᠩ ᠨᠡᠶᠢᠴᠡᠬᠦ ᠦᠢᠯᠡᠴᠢᠯᠡᠭᠡ ᠶᠢ ᠬᠦᠷᠭᠡᠵᠦ᠂ ᠮᠠᠨ ᠤ ︿ᠲᠠᠪᠤᠨ ᠰᠠᠷ᠎ᠠ ᠶᠢᠨ ᠭᠤᠷᠪᠠᠨ ᠤ ᠲᠣᠰᠬᠤᠨ﹀ ᠤ ᠤᠳᠬ᠎ᠠ ᠤᠷᠠᠯᠢᠭ ᠤᠨ ᠠᠵᠢᠯᠯᠠᠭ᠎ᠠ ᠶᠢ ᠠᠬᠢᠭᠤᠯᠵᠤ᠂ ᠠᠮᠢᠵᠢᠷᠠᠯ ᠤᠨ ᠬᠦᠴᠦᠨ ᠲᠠᠢ ᠪᠣᠯᠭᠠᠵᠤ᠂ ᠲᠡᠳᠡᠨ ᠤ ᠤᠳᠬ᠎ᠠ ᠤᠷᠠᠯᠢᠭ ᠤᠨ ᠠᠮᠢᠳᠤᠷᠠᠯ ᠢ ᠦᠨᠡᠨ ᠬᠦ ᠪᠠᠶᠠᠯᠢᠭᠵᠢᠭᠤᠯᠵᠤ᠂ ᠤᠳᠬ᠎ᠠ ᠤᠷᠠᠯᠢᠭ ᠤᠨ ᠦᠷ᠎ᠡ ᠶᠢ ᠤᠯᠠᠨ ᠲᠦᠮᠡᠨ ᠤ ᠰᠡᠳᠬᠢᠯ ᠳᠤ ᠬᠦᠷᠭᠡᠬᠦ ᠶᠢ ᠬᠦᠰᠡᠵᠦ ᠪᠠᠶᠢᠨ᠎ᠠ᠃︾ ᠭᠡᠵᠦ ᠥ᠋ ᠰᠠᠨ ᠲᠣᠰᠬᠤᠨ ᠤ ᠰᠣᠶᠣᠯ ᠤᠨ ᠲᠣᠰᠬᠤᠨ ᠤ ᠳᠠᠷᠤᠭ᠎ᠠ ᠼᠦᠢ ᠱᠤ᠋ ᠵᠢᠶᠠᠩ ᠲᠠᠨᠢᠯᠴᠠᠭᠤᠯᠪᠠ᠃    ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢᠭᠡᠨᠲᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠤᠶᠠᠷ ᠮᠢᠩᠭ᠎ᠠ ᠭᠠᠷᠤᠢ ᠬᠥᠮᠦᠨ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠡᠩᠨᠡᠭᠡ ᠶᠢ 180 ᠭᠠᠷᠤᠢ ᠬᠥᠮᠦᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠭᠰᠡᠨ ᠤᠳᠠᠭ᠎ᠠ 500 ᠭᠠᠷᠤᠢ ᠤᠳᠠᠭ᠎ᠠ ᠪᠣᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号