ᠰᠢᠤᠸᠠᠢ ᠲᠢᠶᠠᠨ ᠰᠢᠶᠠᠩ᠄ ᠲᠠᠷᠢᠶᠠᠯᠠᠩ ᠤᠨ ᠮᠠᠰᠢᠨ ᠴᠢᠬᠢ ᠰᠠᠭᠤᠯᠭᠠᠬᠤ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/25
   ᠲᠠᠷᠢᠶᠠᠨ ᠠᠵᠢᠯ ᠬᠥᠮᠦᠨ ᠢ ᠶᠠᠭᠠᠷᠠᠭᠤᠯᠵᠤ᠂ ᠲᠠᠷᠢᠶᠠᠨ ᠭᠠᠵᠠᠷ ᠨᠤᠭᠤᠭᠠᠨ ᠦᠩᠭᠡ ᠪᠠᠷ ᠪᠢᠯᠬᠠᠨ᠎ᠠ᠃ ᠣᠳᠣᠬᠠᠨ ᠳᠤ ᠶᠠᠭ ᠤᠰᠤᠨ ᠲᠤᠲᠤᠷᠭ᠎ᠠ ᠵᠠᠶᠢᠯᠠᠵᠤ ᠴᠢᠬᠢ ᠰᠠᠭᠤᠯᠭᠠᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠲᠠᠷᠢᠶᠠᠨ ᠭᠠᠵᠠᠷ ᠲᠤ᠂ ᠲᠠᠷᠢᠶᠠᠯᠠᠩ  ᠤᠨ ᠮᠠᠰᠢᠨ ᠲᠤᠰᠠᠯᠠᠬᠤ ᠬᠦᠴᠦᠨ ᠢᠶᠠᠷ ᠲᠠᠷᠢᠶᠠᠯᠠᠬᠤ ᠦᠶᠡᠰ ᠴᠢᠬᠢ ᠰᠠᠭᠤᠯᠭᠠᠵᠤ ᠶᠠᠭᠠᠷᠠᠯᠳᠤᠨ᠎ᠠ᠃    ᠰᠢᠤᠸᠠᠢ ᠲᠢᠶᠠᠨ ᠰᠢᠶᠠᠩ ᠲᠠᠷᠢᠶᠠᠯᠠᠬᠤ ᠴᠠᠭ ᠢ ᠵᠠᠪᠳᠤᠨ᠂ ᠲᠠᠷᠢᠶᠠᠯᠠᠩ ᠤᠨ ᠮᠧᠬᠠᠨᠢᠭᠵᠢᠯᠲᠠ ᠳᠤ ᠲᠦᠰᠢᠭᠯᠡᠨ᠂ ᠴᠢᠬᠢ ᠰᠠᠭᠤᠯᠭᠠᠬᠤ ᠠᠬᠢᠴᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ︽ᠬᠤᠷᠳᠤᠴᠠ ᠶᠢ ᠲᠦᠷᠭᠡᠳᠬᠡᠵᠦ︾᠂ ᠤᠰᠤᠨ ᠲᠤᠲᠤᠷᠭ᠎ᠠ ᠶᠢᠨ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃    ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠹᠧᠩ ᠶᠢᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠤᠰᠤᠨ ᠲᠤᠲᠤᠷᠭ᠎ᠠ ᠲᠠᠷᠢᠬᠤ ᠰᠠᠭᠤᠷᠢᠨ ᠳᠤ᠂ ᠴᠢᠬᠢ ᠰᠠᠭᠤᠯᠭᠠᠬᠤ ᠮᠠᠰᠢᠨ ᠤ ᠬᠦᠷᠴᠢᠭᠢᠨᠡᠬᠦ ᠳᠠᠭᠤᠨ ᠢ ᠳᠠᠭᠠᠯᠳᠤᠨ᠂ ᠮᠥᠷ ᠮᠥᠷ ᠤᠰᠤᠨ ᠲᠤᠲᠤᠷᠭ᠎ᠠ ᠶᠢᠨ ᠴᠢᠬᠢ ᠶᠢ ᠤᠰᠤᠨ ᠲᠠᠷᠢᠶᠠᠨ ᠳᠤ ᠲᠠᠷᠢᠪᠠ᠃ ᠯᠢ ᠮᠢᠨ ᠲᠣᠰᠬᠤᠨ ᠰᠢᠵᠢᠷ ᠠᠯᠲᠠᠨ ᠤᠰᠤᠨ ᠲᠤᠲᠤᠷᠭ᠎ᠠ ᠶᠢᠨ ᠪᠦᠰᠡ ᠳᠤ ᠪᠠᠶᠢᠷᠢᠰᠢᠵᠤ᠂ ᠥᠩ ᠰᠢᠮᠡᠯᠢᠭ ᠬᠠᠷ᠎ᠠ ᠰᠢᠷᠣᠶ ᠲᠠᠢ᠂ ᠨᠡᠷᠡᠨ ᠤ ᠲᠤᠰᠤᠯᠲᠠ ᠭᠦᠶᠴᠡᠳ ᠪᠠᠶᠢᠵᠤ᠂ ᠨᠡᠯᠢᠶᠡᠳ ᠶᠡᠭᠡ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠪᠠ ᠲᠡᠷᠢᠭᠦᠨ ᠤ ᠳᠠᠷᠢᠵᠤ ᠤᠷᠭᠤᠭᠤᠯᠬᠤ ᠮᠡᠷᠭᠡᠵᠢᠯ ᠨᠢ ᠤᠰᠤᠨ ᠲᠤᠲᠤᠷᠭ᠎ᠠ ᠶᠢᠨ ᠰᠢᠯᠢᠳᠡᠭ ᠴᠢᠨᠠᠷ ᠴᠢᠨᠰᠠᠭ᠎ᠠ ᠶᠢ ᠣᠯᠭᠤᠪᠠ᠃ ᠤᠢᠢᠷ᠎ᠠ ᠶᠢᠨ ᠵᠢᠯ ᠳᠤ᠂ ᠰᠢᠤᠸᠠᠢ ᠲᠢᠶᠠᠨ ᠰᠢᠶᠠᠩ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠮᠠᠰᠢᠨᠴᠢᠯᠠᠯᠲᠠ ᠶᠢᠨ ᠠᠵᠢᠯ ᠢ ᠶᠡᠭᠡ ᠪᠠᠷ ᠠᠬᠢᠭᠤᠯᠵᠤ᠂ ᠤᠰᠤᠨ ᠲᠤᠲᠤᠷᠭ᠎ᠠ ᠶᠢᠨ ᠲᠦᠷᠦᠯ ᠵᠦᠢᠯ ᠪᠣᠯᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠮᠡᠷᠭᠡᠵᠢᠯ ᠢ ᠴᠢᠩᠭᠠᠳᠬᠠᠵᠤ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃     ︽ᠲᠠᠷᠢᠶ᠎ᠠ ᠲᠠᠷᠢᠵᠤ ᠴᠢᠳᠠᠬᠤ︾ ᠠᠴᠠ ︽ᠰᠢᠯᠵᠢᠯᠡᠬᠦ ᠤᠬᠠᠭᠠᠨ ᠢᠶᠠᠷ ᠲᠠᠷᠢᠶ᠎ᠠ ᠲᠠᠷᠢᠬᠤ︾ ᠪᠣᠯᠵᠤ ᠬᠤᠪᠢᠷᠠᠪᠠ᠃ ᠯᠢ ᠮᠢᠨ ᠲᠣᠰᠬᠤᠨ ᠤ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠢ ᠠᠦ᠋ᠲ᠋ᠣ᠋ ᠵᠢᠯᠣᠭᠤᠳᠬᠤ ᠨᠢ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ︽ᠬᠤᠷᠴᠠ ᠵᠡᠪᠰᠡᠭ︾ ᠪᠣᠯᠪᠠ᠃ ᠠᠦ᠋ᠲ᠋ᠣ᠋ ᠴᠢᠬᠢ ᠰᠠᠭᠤᠯᠭᠠᠬᠤ ᠮᠠᠰᠢᠨ ᠤᠰᠤᠨ ᠲᠤᠲᠤᠷᠭ᠎ᠠ ᠶᠢᠨ ᠴᠢᠬᠢ ᠶᠢ ᠨᠠᠷᠢᠯᠢᠭ ᠣᠨᠣᠪᠴᠢᠲᠠᠶ ᠪᠠᠷ ᠤᠰᠤᠨ ᠲᠠᠷᠢᠶᠠᠨ ᠳᠤ ᠬᠦᠷᠭᠡᠵᠦ᠂ ᠴᠢᠬᠢ ᠶᠢᠨ ᠰᠡᠶᠢᠷᠡᠭ ᠨᠢᠭᠲᠠ᠂ ᠡᠮᠬᠢ ᠵᠢᠷᠤᠮ ᠲᠠᠢ ᠵᠢᠭᠰᠠᠵᠤ ᠪᠠᠶᠢᠨ᠎ᠠ᠃ ︽ᠡᠨᠡ ᠨᠢ ᠴᠢᠬᠢ ᠰᠠᠭᠤᠯᠭᠠᠬᠤ ᠬᠤᠷᠳᠤᠴᠠ ᠶᠢ ᠶᠡᠭᠡ ᠪᠠᠷ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠪᠣᠭᠤᠨᠢᠰᠬᠠᠭᠰᠠᠨ ᠢᠶᠠᠷ ᠪᠠᠷᠠᠬᠤ ᠥᠬᠡᠶ᠂ ᠪᠠᠰᠠ ᠴᠢᠬᠢ ᠶᠢ ᠲᠡᠭᠡᠭᠡᠪᠦᠷᠢᠯᠡᠬᠦ ᠶᠠᠪᠤᠴᠠ ᠳᠤ ᠳᠠᠷᠤᠭᠳᠠᠭᠤᠯᠬᠤ ᠥᠬᠡᠶ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ ᠴᠢᠳᠠᠨ᠎ᠠ᠃︾ ᠭᠡᠵᠦ ᠯᠢ ᠮᠢᠨ ᠲᠣᠰᠬᠤᠨ ᠤ ᠡᠦ ᠲᠢᠶᠠᠨ ᠢᠦ᠋ᠶ ᠬᠡᠯᠡᠪᠡ᠃ ᠣᠳᠣᠬᠠᠨ ᠪᠣᠯᠲᠠᠯ᠎ᠠ᠂ ᠯᠢ ᠮᠢᠨ ᠲᠣᠰᠬᠤᠨ ᠤ 2000 ᠭᠠᠷᠤᠶ ᠮᠦ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠠᠵᠢᠯ ᠪᠦᠬᠦᠨ ᠢᠶᠠᠷ ᠢᠶᠠᠨ ᠳᠠᠭᠤᠰᠴᠤ᠂ ᠲᠠᠷᠢᠶᠠᠨ ᠠᠵᠢᠯ ᠤᠨ ᠬᠠᠮᠢᠶᠠᠷᠤᠯᠲᠠ ᠶᠢᠨ ᠱᠠᠲᠤᠨ ᠳᠤ ᠣᠷᠣᠪᠠ᠃    ᠬᠠᠪᠤᠷ ᠨᠢᠭᠡ ᠮᠥᠬᠦᠯᠢᠭ ᠲᠠᠷᠢᠪᠠᠯ᠂ ᠨᠠᠮᠤᠷ ᠲᠦᠮᠡᠨ ᠮᠥᠬᠦᠯᠢᠭ ᠬᠤᠷᠢᠶᠠᠨ᠎ᠠ᠃ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠵᠤ᠂ ᠤᠰᠤᠨ ᠲᠤᠲᠤᠷᠭ᠎ᠠ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠮᠠᠰᠢᠨᠴᠢᠯᠠᠭᠰᠠᠨ ᠦᠢᠯᠡᠳᠪᠦᠷᠢᠯᠡᠯ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃ ᠡᠭᠦᠨ ᠤ ᠬᠠᠮᠲᠤ᠂ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠬᠦ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢᠨ ᠲᠠᠯ᠎ᠠ ᠪᠠᠷ ᠬᠢ ᠳᠠᠪᠠᠭᠤᠯᠢᠭ ᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠮᠤ ᠪᠤᠳᠠᠭᠠᠨ ᠤ ᠴᠢᠨᠠᠷ ᠰᠠᠶᠢᠲᠠᠶ ᠥᠨᠳᠥᠷ ᠤᠨᠠᠯᠲᠠ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号