5 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ | ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ᠂ ᠭᠠᠳᠠᠭᠠᠳᠤ ᠨᠡᠭᠡᠭᠡᠯᠲᠡ ᠶᠢᠨ ᠠᠵᠢᠯ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ | ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠣᠯᠭᠠᠭᠰᠠᠨ | ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠨᠠᠷ ᠰᠠᠶᠢᠲᠠᠢ | ᠠᠬᠢᠭᠤᠯᠵᠤ᠂ ︽ᠨᠢᠭᠡ ᠣᠷᠳᠣᠨ ᠭᠤᠷᠪᠠᠨ ᠬᠠᠶ᠋ᠢᠭ ︾ ᠵᠡᠷᠭᠡ ᠰᠤᠷᠭᠠᠨ ᠬᠥᠮᠦᠵᠢᠯ ᠤᠨ ᠠᠴᠢᠶᠠᠯᠠᠪᠤᠷᠢ ᠶᠢ | ᠰᠠᠶᠢᠲᠤᠷ ᠠᠰᠢᠭᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠩᠭᠠᠨ ᠠᠶᠢᠮᠠᠭ ᠤᠨ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠠᠮᠵᠢᠯᠲᠠ ᠲᠠᠢ ᠡᠷᠬᠢᠯᠡᠵᠦ᠂ ᠲᠦᠷᠦᠯ ᠲᠡᠮᠳᠡᠭ ᠭᠠᠷᠭᠠᠬᠤ ᠪᠠᠷ | ᠴᠢᠷᠮᠠᠶᠢᠨ᠎ᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ︽ᠨᠢᠭᠡᠳᠦᠯᠲᠡᠢ ᠪᠠᠶᠢᠯᠭᠠᠬᠤ ᠶᠣᠰᠣᠲᠠᠢ ᠶᠢ ᠨᠢ | ᠪᠦᠬᠦᠨ ᠢ ᠨᠢᠭᠡᠳᠦᠯᠲᠡᠢ ᠪᠠᠶᠢᠯᠭᠠᠬᠤ ︾ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ | ᠱᠠᠭᠠᠷᠳᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ | ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ᠂ ︽ᠲᠦᠷᠪᠡ ᠳᠤ ᠠᠩᠬᠠᠷᠤᠯ ᠢᠶᠠᠨ ᠲᠥᠪᠯᠡᠷᠡᠭᠦᠯᠬᠦ ︾ ᠪᠠ | ᠲᠣᠭᠤᠷᠢᠨ ᠪᠠᠶᠢᠴᠠᠭᠠᠬᠤ᠂ ᠬᠢᠨᠠᠨ ᠵᠢᠯᠣᠭᠤᠳᠬᠤ ᠵᠡᠷᠭᠡ ᠡᠯ᠎ᠡ ᠲᠦᠷᠦᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ | ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠰᠦᠪᠡᠭᠴᠢ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠯᠳᠠᠰᠢ | ᠭᠠᠷᠬᠤ ᠶᠢ ᠬᠤᠷᠢᠭᠯᠠᠵᠤ᠂ ᠡᠯ᠎ᠡ ᠲᠦᠷᠦᠯ ᠤᠨ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠬᠦ᠂ ᠪᠣᠳᠠᠲᠠᠢ | ᠥᠭᠡᠷᠡᠴᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ | ᠳᠡᠷᠭᠡᠳᠡ ᠨᠢ ᠪᠠᠶᠢᠬᠤ ᠶᠢ ᠮᠡᠳᠡᠭᠦᠯᠬᠦ ᠬᠡᠷᠡᠭᠲᠡᠢ᠃ | ᠬᠤᠷᠠᠯ ᠠᠴᠠ᠂ ᠭᠠᠳᠠᠭᠠᠳᠤ ᠨᠡᠬᠡᠬᠡᠯᠳᠡ ᠶᠢ ᠨᠡᠩ ᠶᠡᠭᠡ ᠡᠷᠴᠢᠮ ᠢᠶᠠᠷ ᠠᠬᠢᠭᠤᠯᠵᠤ᠂ ᠷᠠᠰᠢᠶᠠᠨ ᠤ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠵᠢᠴᠢ ᠪᠣᠭᠤᠮᠲᠠ ᠥᠩᠭᠡᠷᠡᠬᠦ ᠴᠢᠳᠠᠪᠤᠷᠢ ᠶᠢᠨ | ᠳᠡᠭᠡᠭᠰᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ | ᠬᠤᠩᠭᠢᠯ ᠤᠨ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢ | ᠬᠤᠯᠪᠣᠭᠠᠯᠠᠨ ᠬᠥᠭᠵᠢᠭᠦᠯᠵᠦ᠂ ᠮᠣᠩᠭᠤᠯ ᠤᠯᠤᠰ ᠯᠤᠭ᠎ᠠ ᠠᠮᠢ ᠠᠬᠤᠢ ᠶᠢᠨ ᠬᠦᠷᠢᠶᠡᠨ ᠳᠠᠬᠢ ᠬᠠᠮᠲᠤᠷᠠᠯᠴᠠᠭ᠎ᠠ | ᠰᠣᠯᠢᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ | ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠪᠣᠯᠤᠨ ᠮᠡᠷᠭᠡᠵᠢᠯ ᠤᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠤᠯᠠᠨ ᠳᠤ ᠪᠦᠬᠦ | ᠲᠠᠯ᠎ᠠ ᠶᠢᠨ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯ ᠢ | ᠰᠤᠳᠤᠯᠵᠠᠢ᠃ | |