ᠬᠤᠲᠠ ᠶᠢᠨ ᠬᠥᠭᠵᠢᠶᠡᠨ ᠨᠠᠷᠭᠢᠶᠠᠨᠲᠤ ᠪᠤᠯᠤᠩ ᠳᠤ ᠠᠮᠢᠳᠤᠷᠠᠯ ᠤᠨ ᠠᠭᠤᠷ ᠠᠮᠢᠰᠬᠤᠯ ᠢᠶᠠᠷ ᠲᠦᠭᠦᠷᠡᠨ᠎ᠡ
ᠨᠡᠶᠢᠲᠡᠯᠡᠭᠰᠡᠨ ᠴᠠᠭ᠄
2024/5/28
   ︽ᠲᠣᠭᠤᠰᠣᠲᠤ ᠶᠢᠷᠲᠢᠨᠴᠦ ᠠᠷᠠᠳ ᠤᠯᠠᠨ ᠤ ᠰᠡᠳᠬᠢᠯ ᠢ ᠬᠠᠮᠤᠭ ᠠᠴᠠ ᠳᠤᠯᠠᠭᠠᠴᠠᠭᠤᠯᠤᠨ᠎ᠠ︾᠃ ᠥᠷᠯᠥᠭᠡ ᠶᠢᠨ ᠵᠠᠬ᠎ᠠ ᠰᠥᠨᠢ ᠶᠢᠨ ᠵᠠᠬ᠎ᠠ ᠳᠡᠯᠭᠡᠭᠦᠷ ᠢ ᠨᠡᠭᠡᠭᠡᠭᠰᠡᠨ ᠪᠣᠯ ᠬᠤᠲᠠ ᠶᠢᠨ ᠠᠵᠤ ᠠᠬᠤᠶ ᠶᠢᠨ ᠠᠮᠢᠵᠢᠷᠠᠯ  ᠤᠨ ᠬᠦᠴᠦᠨ ᠢ ᠳᠡᠭᠡᠭᠰᠢᠯᠡᠭᠦᠯᠵᠦ᠂ ᠬᠡᠷᠡᠭᠯᠡᠭᠡ ᠪᠠ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠪᠠᠷᠢᠯ ᠮᠥᠨ᠂ ᠬᠤᠲᠠ ᠶᠢᠨ ᠬᠥᠭᠵᠢᠶᠡᠨ ᠨᠠᠷᠭᠢᠶᠠᠨ ᠤ ᠪᠦᠷᠢᠯᠳᠦᠬᠦᠨ ᠬᠡᠰᠡᠭ ᠤᠨ ᠨᠢᠭᠡ ᠮᠥᠨ᠂ ᠪᠠᠰᠠ ᠴᠤ ᠠᠷᠠᠳ ᠤᠨ ᠠᠮᠢᠳᠤᠷᠠᠯ ᠤᠨ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠤᠶᠠᠨ ᠬᠠᠲᠠᠨ ᠴᠢᠨᠠᠷ ᠮᠥᠨ᠃ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠮᠦᠰ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠬᠠᠤᠯᠢ ᠶᠣᠰᠣᠭᠠᠷ ᠵᠢᠷᠤᠮᠵᠢᠭᠤᠯᠬᠤ︾ ᠵᠠᠷᠴᠢᠮ ᠶᠣᠰᠣᠭᠠᠷ᠂ ᠲᠦᠴᠢᠦᠸᠠᠨ ᠰᠢᠶᠠᠨ ᠬᠠᠶᠢᠷ᠎ᠠ ᠬᠠᠯᠠᠮᠵᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠡᠵᠡᠩᠨᠡᠯᠲᠡ ᠶᠢᠨ ᠡᠵᠡᠩᠨᠡᠯᠲᠡ ᠶᠢᠨ ᠬᠡᠯᠪᠡᠷᠢ ᠪᠠᠨ ᠪᠠᠶᠠᠯᠢᠭᠵᠢᠭᠤᠯᠵᠤ᠂ ᠵᠢᠵᠢᠭ ᠳᠡᠯᠭᠡᠭᠦᠷᠴᠢᠨ ᠢ ᠳᠡᠮᠵᠢᠬᠦ ᠬᠡᠷᠡᠭᠲᠡᠢ᠃
   ᠥᠷᠯᠥᠭᠡ ᠶᠢᠨ 5 ᠴᠠᠭ ᠲᠤ ᠲᠦᠴᠢᠦᠸᠠᠨ ᠰᠢᠶᠠᠨ ᠤ ᠥᠷᠯᠥᠭᠡ ᠶᠢᠨ ᠵᠠᠬ᠎ᠠ ᠳᠤ ᠬᠦᠷᠬᠦ ᠳᠤ᠂ ᠨᠢᠭᠡᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠤᠷᠳᠤ ᠮᠥᠷᠯᠡᠵᠦ᠂ ᠪᠤᠤᠵᠠ᠂ ᠬᠤᠶᠢᠮᠠᠭ᠂ ᠥᠨᠳᠡᠭᠡᠨ ᠤ ᠪᠣᠭᠤᠷᠰᠤᠭ ᠵᠡᠷᠭᠡ ᠡᠯ᠎ᠡ ᠵᠦᠢᠯ ᠤᠨ ᠥᠷᠯᠥᠭᠡ ᠶᠢᠨ ᠬᠤᠭᠤᠯᠠ ᠨᠡᠩ ᠴᠤ ᠬᠦᠷ ᠬᠥᠭᠵᠢᠶᠡᠨ ᠢᠶᠠᠷ ᠪᠢᠯᠬᠠᠵᠤ᠂ ᠨᠢᠳᠦ ᠭᠢᠯᠠᠰᠤᠮ᠎ᠠ ᠵᠢᠮᠢᠰ ᠢᠳᠡᠰᠢᠨ ᠨᠣᠭᠤᠭ᠎ᠠ ᠶᠢᠨ ᠳᠡᠯᠭᠡᠭᠦᠷ ᠨᠢᠳᠦ ᠢᠷᠮᠡᠬᠦ ᠶᠢᠨ ᠵᠠᠭᠤᠷ᠎ᠠ ᠬᠠᠷᠠᠭᠳᠠᠬᠤ ᠪᠠᠨ ᠪᠤᠯᠢᠵᠤ᠂ ᠠᠳᠡ ᠲᠡᠨᠳᠡ ᠦᠭᠡᠢ ᠬᠠᠰᠬᠢᠷᠤᠯᠳᠤᠨ ᠦᠨ᠎ᠡ ᠬᠠᠶᠠᠯᠴᠠᠵᠤ᠂ ᠲᠠᠨᠢᠯ ᠲᠠᠰᠤᠯ ᠪᠣᠯᠤᠭᠰᠠᠨ ᠬᠤᠸᠠᠷ ᠫᠤᠤᠵᠢᠩ ᠤᠨ ᠦᠨᠦᠷ ᠬᠠᠩᠬᠤᠯᠵᠤ᠂ ᠬᠥᠮᠦᠰ ᠤᠨ ᠴᠢᠷᠠᠢ ᠳᠤ ᠮᠠᠰᠢ ᠲᠠᠭᠠᠯᠠᠮᠵᠢᠲᠠᠢ ᠪᠠᠶᠢᠯ᠎ᠠ᠃    ︽ᠡᠨᠡ ᠥᠷᠯᠥᠭᠡ ᠶᠢᠨ ᠵᠠᠬ᠎ᠠ ᠮᠠᠰᠢ ᠳᠥᠭᠦᠮ᠂ ᠮᠠᠨ ᠤ ᠭᠡᠷ ᠤᠨ ᠲᠣᠭᠤᠷᠢᠭ ᠠᠴᠠ 200 ᠭᠠᠷᠤᠢ ᠮᠧᠲᠷ ᠵᠠᠶᠢᠲᠠᠢ᠂ ᠥᠷᠯᠥᠭᠡ ᠬᠡᠦᠬᠡᠨ ᠢᠶᠠᠨ ᠬᠦᠷᠭᠡᠬᠦ ᠣᠶᠢᠶ᠎ᠠ ᠳᠤ᠂ ᠨᠢᠭᠡ ᠴᠣᠮᠣ ᠪᠤᠷᠴᠠᠭ ᠤᠨ ᠵᠤᠲᠠᠩ ᠠᠪᠴᠤ᠂ ᠬᠤᠶᠠᠷ ᠪᠤᠤᠰᠠ ᠢᠳᠡᠵᠦ᠂ ᠳᠥᠭᠦᠮ ᠮᠥᠷᠲᠡᠭᠡᠨ ᠭᠡᠳᠡᠰᠦ ᠴᠠᠳᠬᠤᠯᠠᠩ᠂ ᠵᠠᠰᠠᠭ ᠣᠨ ᠣᠷᠳᠣᠨ ᠠᠴᠠ ᠪᠢᠳᠡᠨ ᠳᠤ ᠢᠮᠦ ᠰᠠᠶᠢᠨ ᠭᠠᠵᠠᠷ ᠬᠠᠩᠭᠠᠭᠰᠠᠨ ᠳᠤ ᠲᠠᠯᠠᠷᠬᠠᠵᠤ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠰᠠᠭᠤᠭᠠᠯᠢ ᠠᠷᠠᠳ ᠯᠢᠦ ᠵᠢᠶᠠ ᠰᠢᠤᠸᠠᠨ ᠬᠡᠯᠡᠪᠡ᠃
   ᠨᠢᠭᠡ ᠨᠢᠭᠡᠳ ᠳ᠋ᠧᠩ ᠤᠨ ᠭᠡᠷᠡᠯ᠂ ᠨᠢᠭᠡ ᠬᠤᠲᠠ ᠶᠢᠨ ᠠᠮᠢᠵᠢᠷᠠᠯ ᠤᠨ ᠬᠦᠴᠦᠨ ᠢ ᠨᠣᠴᠣᠭᠠᠪᠠ᠃ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠳᠠᠭ᠂ ᠠᠮᠲᠠᠲᠤ ᠢᠳᠡᠭᠡᠨ ᠲᠠᠢ ᠭᠠᠵᠠᠷ ᠨᠢ ᠶᠡᠷᠦᠨᠢ ᠬᠡᠷᠡᠭᠯᠡᠭᠡ ᠪᠠᠷ ᠬᠠᠮᠤᠭ ᠤᠨ ᠬᠥᠭᠵᠢᠶᠡᠨᠲᠡᠶ ᠭᠠᠵᠠᠷ ᠪᠣᠯᠳᠠᠭ᠃ ᠣᠶᠢᠷ᠎ᠠ ᠶᠢᠨ ᠵᠢᠯ ᠠᠴᠠ ᠨᠠᠰᠢ᠂ ᠲᠦᠴᠢᠦᠸᠠᠨ ᠰᠢᠶᠠᠨ ᠰᠥᠨᠢ ᠶᠢᠨ ᠬᠡᠷᠡᠭᠯᠡᠭᠡᠨ ᠤ ᠬᠡᠯᠬᠢᠶ᠎ᠡ ᠶᠢ ᠤᠷᠲᠤᠳᠬᠠᠵᠤ᠂ ᠰᠥᠨᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠪᠠ ᠬᠥᠭᠵᠢᠶᠡᠨᠲᠦ ᠪᠠᠶᠢᠳᠠᠯ ᠢ ᠳᠡᠭᠡᠭᠰᠢᠯᠡᠭᠦᠯᠬᠦ ᠶᠢᠨ ᠲᠥᠯᠥᠭᠡ᠂ ᠲᠥᠪ ᠴᠡᠴᠡᠷᠯᠢᠭ᠂ ᠶᠠᠩ ᠭᠤᠸᠠᠩ ᠰᠢᠨ᠎ᠡ ᠬᠤᠲᠠ ᠶᠢᠨ ᠲᠥᠬᠦᠮ ᠢᠳᠡᠭᠡᠨ ᠤ ᠵᠡᠭᠡᠯᠢ ᠵᠡᠷᠭᠡ ᠤᠯᠠᠮᠵᠢᠯᠠᠯᠲᠤ ᠰᠥᠨᠢ ᠶᠢᠨ ᠵᠠᠬ᠎ᠠ ᠳᠡᠯᠭᠡᠭᠦᠷ ᠭᠠᠷᠭᠠᠵᠤ᠂ ᠬᠡᠷᠡᠭᠯᠡᠭᠡᠨ ᠤ ᠳᠣᠲᠣᠭᠠᠳᠤ ᠬᠡᠷᠡᠭᠴᠡᠭᠡ ᠶᠢ ᠳᠠᠶᠢᠴᠢᠯᠠᠨ᠂ ᠠᠵᠤ ᠠᠬᠤᠶ ᠶᠢᠨ ᠨᠡᠮᠡᠭᠳᠡᠯ ᠢ ᠪᠡᠶᠡᠯᠡᠭᠦᠯᠪᠡ᠃    ︽ᠰᠥᠨᠢ ᠶᠢᠨ ᠠᠵᠤ ᠠᠬᠤᠶ︾ ᠬᠥᠭᠵᠢᠭᠰᠡᠨ ᠤ ᠳᠠᠷᠠᠭ᠎ᠠ᠂ ᠪᠠᠰᠠ ᠴᠥᠭᠡᠨ ᠪᠤᠰᠤ ᠤᠶᠤᠲᠠᠳ ᠲᠤ ᠠᠵᠢᠯ ᠤᠯᠬᠤ ᠲᠣᠬᠢᠶᠠᠯ ᠣᠯᠭᠤᠵᠤ᠂ ᠲᠡᠳᠡᠨ ᠢ ᠲᠦᠰᠢᠭᠯᠡᠨ ᠠᠳᠠᠯ ᠦᠶᠯᠡᠰ ᠴᠣᠭᠴᠠᠯᠠᠬᠤ ᠶᠢ ᠬᠦᠰᠡᠵᠦ ᠪᠠᠶᠢᠨ᠎ᠠ᠃ ᠥᠨᠥ ᠵᠢᠯ ᠰᠠᠶ᠋ᠢᠬᠠᠨ ᠲᠡᠭᠦᠰᠦᠭᠰᠡᠨ ᠶᠠᠩ ᠰᠢᠨ ᠷᠠᠨ ᠲᠣᠬᠢᠷᠠᠮᠵᠢᠲᠠᠶ ᠠᠵᠢᠯ ᠤᠨ ᠪᠠᠶᠢᠭᠤᠯᠭ᠎ᠠ ᠣᠯᠤᠭ᠎ᠠ ᠥᠬᠡᠶ ᠪᠣᠯᠬᠤᠷ᠂ ᠲᠥᠪ ᠴᠡᠴᠡᠷᠯᠢᠭ ᠤᠨ ᠭᠠᠵᠠᠷ ᠳᠡᠭᠡᠷ᠎ᠡ ᠭᠠᠷᠴᠤ ᠪᠣᠯᠬᠤ ᠮᠡᠳᠡᠭᠳᠡᠯ ᠢ ᠣᠯᠵᠤ ᠦᠵᠡᠭᠡᠳ ᠲᠤᠷᠰᠢᠵᠤ ᠦᠵᠡᠬᠦ ᠪᠣᠳᠣᠯ ᠣᠷᠣᠪᠠ᠃    ︽ᠠᠵᠢᠯ ᠣᠯᠭᠤᠯᠲᠠ ᠨᠢ ᠠᠯᠪᠠᠨ ᠠᠰᠠᠷ ᠲᠤ ᠯᠠ ᠪᠠᠶᠢᠬᠤ ᠪᠢᠰᠢ᠂ ᠭᠠᠵᠠᠷ ᠤᠨ ᠳᠡᠯᠭᠡᠭᠡ ᠮᠠᠶᠢᠮᠠᠶ ᠶᠢᠨ ᠠᠵᠤ ᠠᠬᠤᠶ ᠪᠣᠯ ᠪᠠᠰᠠ ᠴᠤ ᠨᠢᠭᠡ ᠵᠦᠶᠯ ᠤᠨ ᠠᠷᠠᠯᠵᠢᠶᠠᠨ ᠤ ᠬᠡᠯᠪᠡᠷᠢ ᠮᠥᠨ᠂ ᠳᠡᠯᠭᠡᠭᠡ ᠮᠠᠶᠢᠮᠠᠶ ᠬᠢᠬᠦ ᠪᠠᠷ ᠳᠡᠮᠵᠢᠨ ᠵᠣᠬᠢᠬᠤ ᠬᠡᠮᠵᠢᠶᠡᠨ ᠤ ᠠᠵᠤ ᠠᠬᠤᠶ ᠶᠢᠨ ᠣᠷᠣᠯᠭ᠎ᠠ ᠣᠯᠵᠤ ᠴᠢᠳᠠᠨ᠎ᠠ᠂ ᠮᠥᠨ ᠴᠦ ᠨᠢᠭᠡ ᠵᠦᠶᠯ ᠤᠨ ᠵᠦᠭᠡᠷ ᠰᠣᠩᠭᠤᠯᠲᠠ ᠮᠥᠨ᠂ ᠪᠠᠰᠠ ᠮᠠᠰᠢ ᠣᠯᠠᠨ ᠵᠣᠷᠢᠭ ᠨᠢᠭᠡ ᠵᠣᠷᠢᠯᠲᠠ ᠠᠳᠠᠯᠢ ᠨᠠᠶᠢᠵᠠ ᠲᠠᠨᠢᠵᠦ ᠴᠢᠳᠠᠨ᠎ᠠ︾ ᠭᠡᠵᠦ ᠶᠠᠩ ᠰᠢᠨ ᠢᠳᠡᠭᠡᠯ ᠲᠦᠭᠦᠷᠡᠩ ᠬᠡᠯᠡᠨ᠎ᠡ᠃
   ᠭᠠᠯ ᠢᠶᠠᠷ ᠬᠠᠭᠠᠷᠢᠭᠰᠠᠨ ᠲᠣᠮᠣ ᠵᠢᠲᠠᠨ ᠪᠡᠬᠡᠲᠦ ᠬᠢᠰᠤᠭ᠎ᠠ᠂ ᠭᠠᠷ ᠢᠶᠠᠷ ᠣᠷᠢᠶᠠᠭᠰᠠᠨ ᠬᠦᠢᠲᠡᠨ ᠬᠠᠯᠢᠰᠤ᠂ ᠰᠢᠨ᠎ᠡ ᠰᠣᠷᠭᠤᠭ ᠵᠢᠮᠢᠰ ᠲᠠᠢ ᠵᠠᠶᠢᠷᠮᠠᠭ᠂ ᠰᠢᠨᠡᠬᠡᠨ ᠰᠢᠬᠠᠭᠰᠠᠨ ᠵᠢᠮᠢᠰᠦᠨ ᠰᠢᠭᠦᠰᠦ᠂ ᠰᠢᠷᠠᠭᠰᠠᠨ ᠢᠳᠡᠭᠡᠨ ᠤ ᠭᠤᠸᠠᠨᠰᠠ᠂ ᠬᠥᠮᠦᠨ ᠤ ᠦᠢᠮᠡᠭᠡᠨ ᠱᠤᠤᠭᠢᠶᠠᠨ ᠤ ᠳᠤᠮᠳᠠ᠂ ᠬᠥᠮᠦᠰ ᠰᠥᠨᠢ ᠶᠢᠨ ᠵᠠᠬ᠎ᠠ ᠳᠤ ᠡᠯ᠎ᠡ ᠵᠦᠢᠯ ᠤᠨ ᠠᠮᠲᠠᠲᠤ ᠢᠳᠡᠭᠡᠨ ᠢ ᠬᠠᠶᠢᠨ ᠰᠦᠪᠡᠭᠴᠢᠯᠡᠵᠦ᠂ ᠲᠠᠰᠤᠷᠠᠯᠲᠠ ᠦᠭᠡᠶ ᠬᠠᠰᠬᠢᠷᠤᠨ ᠪᠠᠷᠬᠢᠷᠠᠬᠤ ᠳᠠᠭᠤᠨ ᠨᠢ ᠠᠮᠢᠳᠤᠷᠠᠯ ᠤᠨ ᠠᠭᠤᠷ ᠠᠮᠢᠰᠬᠤᠯ ᠪᠠ ᠬᠥᠮᠦᠰ ᠤᠨ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠪᠦᠬᠦ ᠰᠢᠶᠠᠨ ᠤ ᠰᠠᠭᠤᠭᠠᠯᠢ ᠠᠷᠠᠳ ᠲᠤ ᠨᠡᠩ ᠣᠯᠠᠨ ᠠᠮᠢᠳᠤᠷᠠᠯ ᠤᠨ ᠬᠠᠪᠤ ᠴᠡᠩᠭᠡᠯ ᠢ ᠠᠪᠴᠢᠷᠠᠭᠰᠠᠨ ᠪᠠᠶᠢᠨ᠎ᠠ᠃ ᠬᠤᠲᠠ ᠶᠢᠨ ᠨᠠᠷᠢᠯᠢᠬᠵᠢᠭᠤᠯᠤᠭᠰᠠᠠ ᠬᠠᠮᠢᠶᠠᠷᠤᠯᠲᠠ ᠶᠢᠨ ᠲᠠᠭᠠᠭᠤᠯᠭ᠎ᠠ ᠳᠣᠣᠷ᠎ᠠ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠲᠦᠴᠢᠦᠸᠠᠨ ᠳᠤ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃    ︽ᠰᠥᠨᠢ ᠶᠢᠨ ᠵᠠᠬ᠎ᠠ ᠳᠡᠯᠭᠡᠭᠦᠷ ᠢ ᠨᠡᠭᠡᠭᠡᠬᠦ ᠨᠢ ᠨᠢᠭᠡ ᠲᠠᠯ᠎ᠠ ᠪᠠᠷ ᠨᠡᠭᠦᠳᠡᠯ ᠳᠡᠯᠭᠡᠭᠡ ᠮᠠᠶᠢᠮᠠᠶᠢᠴᠢᠨ ᠳᠤ ᠬᠠᠷᠢᠴᠠᠩᠭᠤᠶ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠬᠠᠩᠭᠠᠵᠤ᠂ ᠰᠠᠶᠢᠨ ᠰᠠᠶᠢᠬᠠᠨ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠮᠬᠢ ᠳᠢᠭᠯᠢᠮ ᠢ ᠪᠠᠲᠤᠯᠠᠵᠤ ᠴᠢᠳᠠᠨ᠎ᠠ︔ ᠨᠦᠬᠦᠭᠡ ᠲᠠᠯ᠎ᠠ ᠪᠠᠷ ᠣᠶᠤᠲᠠᠨ᠂ ᠴᠡᠷᠢᠭ ᠠᠴᠠ ᠬᠠᠯᠠᠭᠳᠠᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠳᠤ ᠠᠵᠢᠯ ᠤᠯᠬᠤ ᠲᠣᠬᠢᠶᠠᠯ ᠬᠠᠩᠭᠠᠵᠤ᠂ ᠬᠡᠷᠡᠭᠯᠡᠭᠡ ᠶᠢ ᠠᠬᠢᠭᠤᠯᠵᠤ ᠴᠢᠳᠠᠨ᠎ᠠ᠃ ᠣᠳᠣᠬᠠᠨ ᠳᠤ᠂ ᠶᠠᠩ ᠭᠤᠸᠠᠩ ᠰᠢᠨ᠎ᠡ ᠬᠤᠲᠠ ᠶᠢᠨ ᠰᠥᠨᠢ ᠶᠢᠨ ᠵᠠᠬ᠎ᠠ ᠳᠡᠯᠭᠡᠭᠦᠷ ᠨᠡᠶᠢᠲᠡ 130 ᠭᠠᠷᠤᠶ ᠪᠠᠶᠢᠵᠤ᠂ 200 ᠠᠵᠢᠯ ᠣᠯᠤᠭᠰᠠᠳ ᠢ ᠳᠠᠮ  ᠢᠶᠠᠷ ᠳᠠᠶᠢᠴᠢᠯᠠᠵᠤ ᠪᠠᠶᠢᠨ᠎ᠠ︾ ᠭᠡᠵᠦ ᠰᠥᠨᠢ ᠶᠢᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠬᠡᠯᠡᠪᠡ᠃    ᠵᠡᠭᠡᠯᠢ ᠭᠤᠳᠤᠮᠵᠢ ᠪᠠᠷ ᠣᠯᠠᠨ ᠤ ᠬᠦᠷᠢᠶᠡᠯᠡᠯ ᠢ ᠣᠯᠵᠤ᠂ ᠬᠥᠮᠦᠨ ᠤ ᠶᠢᠷᠲᠢᠨᠴᠦ ᠶᠢ ᠳᠡᠯᠭᠡᠨ᠎ᠡ᠃ ᠣᠶᠢᠯᠠᠭᠠᠭᠰᠠᠨ ᠢᠶᠠᠷ᠂ ᠡᠨᠡ ᠵᠢᠯ᠂ ᠲᠦᠴᠢᠦᠸᠠᠨ ᠰᠢᠶᠠᠨ ᠤ ᠬᠢᠨ ᠰᠥᠨᠢ ᠶᠢᠨ ᠵᠠᠬ᠎ᠠ ᠳᠡᠯᠭᠡᠭᠦᠷ ᠢ ᠨᠡᠶᠢᠲᠡ 4 ᠨᠡᠭᠡᠭᠡᠬᠦ ᠪᠠᠷ ᠵᠢᠱᠢᠵᠦ᠂ 526 ᠳᠡᠯᠭᠡᠴᠡ ᠶᠢᠨ ᠣᠷᠣ ᠶᠢ ᠪᠠᠭᠲᠠᠭᠠᠵᠤ᠂ ᠡᠳᠦᠷ ᠪᠦᠷᠢ ᠶᠢᠨ ᠠᠶᠠᠨᠴᠢᠳ ᠤᠨ ᠲᠤᠭ᠎ᠠ 7000 ᠭᠠᠷᠤᠶ ᠬᠥᠮᠦᠨ ᠪᠠᠶᠢᠵᠤ᠂ ᠶᠡᠷᠦᠩᠬᠡᠶ ᠪᠣᠷᠣᠯᠠᠭᠤᠯᠭ᠎ᠠ ᠶᠢᠨ ᠲᠤᠭ᠎ᠠ 25 ᠲᠦᠮᠡ ᠳᠤ ᠬᠦᠷᠴᠦ᠂ 1500 ᠭᠠᠷᠤᠶ ᠬᠥᠮᠦᠨ ᠤ ᠠᠵᠢᠯ ᠣᠯᠭᠤᠯᠲᠠ ᠶᠢ ᠠᠬᠢᠭᠤᠯᠵᠤ᠂ ᠭᠠᠵᠠᠷ ᠤᠨ ᠳᠡᠯᠭᠡᠭᠡ ᠮᠠᠶᠢᠮᠠᠶ ᠶᠢᠨ ᠠᠵᠤ ᠠᠬᠤᠶ ᠶᠢ ᠬᠥᠭᠵᠢᠭᠦᠯᠬᠦ ᠪᠣᠯᠤᠨ᠎ᠠ᠂ ᠡᠨᠡ ᠨᠢ ᠡᠩ ᠤᠨ ᠣᠯᠠᠨ ᠲᠦᠮᠡᠨ ᠳᠤ ᠠᠵᠢᠯ ᠣᠯᠭᠤᠬᠤ ᠠᠵᠠ ᠲᠣᠬᠢᠶᠠᠯ ᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠤᠭᠰᠠᠨ ᠪᠥᠭᠡᠳ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠴᠤ ᠲᠥᠬᠦᠮ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号