ᠨᠠᠮᠤᠭ ᠤᠨ ᠪᠣᠷᠳᠣᠭᠤᠷ ᠣᠷᠣᠭᠤᠯᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2024/5/28
   ᠨᠢᠭᠡ᠂ ᠨᠠᠮᠤᠭ ᠤᠨ ᠪᠣᠷᠳᠣᠭᠤᠷ ᠢ ᠴᠥᠭᠦᠷᠥᠮ ᠠᠴᠠ ᠭᠠᠷᠭᠠᠭᠰᠠᠨ ᠤ ᠳᠠᠷᠠᠭ᠎ᠠ᠂ ᠤᠷᠢᠳ ᠢᠶᠠᠷ ᠬᠠᠳᠠᠭᠠᠯᠠᠬᠤ ᠴᠥᠭᠦᠷᠥᠮ ᠳᠤ 5-7 ᠡᠳᠦᠷ ᠬᠠᠳᠠᠭᠠᠯᠠᠭᠰᠠᠨ ᠤ ᠳᠠᠷᠠᠭ᠎ᠠ ᠰᠠᠶ᠋ᠢ ᠬᠡᠷᠡᠭᠯᠡᠪᠡᠯ ᠲᠣᠬᠢᠷᠠᠮᠵᠢᠲᠠᠢ ᠪᠠᠶᠢᠳᠠᠭ᠃ ᠬᠡᠷᠪᠡ ᠴᠥᠭᠦᠷᠥᠮ ᠠᠴᠠ ᠭᠠᠷᠭᠠᠭᠰᠠᠨ ᠤ ᠳᠠᠷᠠᠭ᠎ᠠ ᠳᠠᠷᠦ᠋ᠢᠬᠠᠨ ᠬᠡᠷᠡᠭᠯᠡᠪᠡᠯ᠂ ᠲᠠᠷᠢᠮᠠᠯ ᠲᠠᠢ ᠬᠥᠷᠥᠰᠥᠨ ᠳᠠᠬᠢ ᠬᠦᠴᠢᠯᠲᠥ᠋ᠷᠥᠭᠴᠢ ᠶᠢ ᠪᠤᠯᠢᠶᠠᠯᠳᠤᠵᠤ᠂ ᠦᠷ᠎ᠡ ᠶᠢᠨ ᠨᠠᠬᠢᠶᠠᠯᠠᠬᠤ ᠪᠠ ᠦᠨᠳᠦᠰᠦ ᠶᠢᠨ ᠰᠢᠰᠲ᠋ᠧᠮ ᠤᠨ ᠪᠤᠶᠢᠵᠢᠯᠲᠠ ᠶᠢ ᠨᠥᠯᠥᠭᠡᠯᠡᠨ᠂ ᠲᠠᠷᠢᠮᠠᠯ ᠤᠨ ᠨᠠᠪᠴᠢ ᠰᠢᠷᠠᠯᠠᠵᠤ ᠦᠬᠦᠰᠢᠷᠡᠳᠡᠭ᠃    ᠬᠤᠶᠠᠷ᠂ ᠨᠠᠮᠤᠭ ᠤᠨ ᠪᠣᠷᠳᠣᠭᠤᠷ ᠣᠷᠣᠭᠤᠯᠬᠤ ᠳᠠᠭᠠᠨ ᠬᠠᠮᠠᠭᠠᠯᠠᠯᠲᠠ ᠶᠢᠨ ᠬᠤᠪᠴᠠᠰᠤ ᠡᠮᠦᠰᠦᠨ ᠪᠡᠭᠡᠯᠡᠢ ᠪᠠᠨ ᠰᠠᠶᠢᠲᠤᠷ ᠵᠡᠭᠦᠵᠦ᠂ ᠨᠠᠮᠤᠭ ᠤᠨ ᠪᠣᠷᠳᠣᠭᠤᠷ ᠠᠷᠠᠰᠤᠨ ᠳᠤ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃    ᠭᠤᠷᠪᠠ᠂ ᠬᠦᠯᠡᠮᠵᠢ ᠶᠢᠨ ᠳᠣᠲᠣᠷ᠎ᠠ ᠨᠠᠮᠤᠭ ᠤᠨ ᠪᠣᠷᠳᠣᠭᠤᠷ ᠣᠷᠣᠭᠤᠯᠬᠤ ᠳᠠᠭᠠᠨ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠠᠩᠬᠠᠷᠴᠤ᠂ ᠨᠠᠮᠤᠭ ᠤᠨ ᠬᠡᠢ ᠬᠤᠷᠠᠵᠤ ᠴᠤᠭᠯᠠᠷᠠᠭᠠᠳ ᠠᠶᠤᠯᠭᠦᠢ ᠶᠢᠨ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃    ᠳᠥᠷᠪᠡ᠂ ᠨᠠᠮᠤᠭ ᠤᠨ ᠪᠣᠷᠳᠣᠭᠤᠷ ᠢ ᠴᠢᠩᠭ᠎ᠠ ᠬᠦᠴᠢᠯ᠂ ᠴᠢᠩᠭ᠎ᠠ ᠱᠦᠯᠲᠦ ᠵᠡᠷᠭᠡ ᠬᠢᠮᠢ ᠶᠢᠨ ᠪᠣᠳᠠᠰ ᠲᠠᠢ ᠬᠤᠯᠢᠵᠤ ᠣᠷᠣᠭᠤᠯᠵᠤ ᠪᠣᠯᠬᠤ ᠦᠭᠡᠢ᠂ ᠬᠤᠣᠷᠲᠤ ᠬᠡᠢ ᠪᠡᠶᠡᠲᠦ ᠡᠭᠦᠰᠬᠡᠬᠦ ᠪᠤᠶᠤ ᠲᠠᠷᠢᠮᠠᠯ ᠢ ᠬᠤᠬᠢᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃ ᠨᠠᠮᠤᠭ ᠤᠨ ᠪᠣᠷᠳᠣᠭᠤᠷ ᠢ ᠡᠪᠡᠰᠦ ᠮᠣᠳᠣᠨ ᠤ ᠦᠨᠡᠰᠦ᠂ ᠴᠣᠬᠤᠢ ᠵᠡᠷᠭᠡ ᠬᠤᠵᠢᠷᠯᠢᠭ ᠪᠣᠷᠳᠣᠭᠤᠷ ᠲᠠᠢ ᠬᠤᠯᠢᠵᠤ ᠣᠷᠣᠭᠤᠯᠬᠤ ᠨᠢ ᠲᠣᠬᠢᠷᠠᠮᠵᠢ ᠦᠭᠡᠢ᠃ ᠡᠪᠡᠰᠦ ᠮᠣᠳᠣᠨ ᠤ ᠦᠨᠡᠰᠦ᠂ ᠴᠣᠬᠤᠢ ᠵᠡᠷᠭᠡ ᠨᠢ ᠬᠤᠵᠢᠷᠯᠢᠭ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠨᠠᠮᠤᠭ ᠤᠨ ᠪᠣᠷᠳᠣᠭᠤᠷ ᠲᠠᠢ ᠬᠤᠯᠢᠪᠠᠯ ᠠᠽᠣᠲ ᠡᠳ᠋ ᠲᠤ ᠬᠤᠬᠢᠷᠠᠯ ᠤᠴᠠᠷᠠᠭᠤᠯᠵᠤ᠂ ᠡᠭᠦᠨ ᠤ ᠤᠯᠠᠮ ᠠᠴᠠ ᠪᠣᠷᠳᠣᠭᠤᠷ ᠤᠨ ᠦᠷ᠎ᠡ ᠠᠰᠢᠭ ᠢ ᠪᠠᠭᠤᠷᠠᠭᠤᠯᠳᠠᠭ᠃    ᠲᠠᠪᠤ᠂ ᠨᠠᠮᠤᠭ ᠤᠨ ᠪᠣᠷᠳᠣᠭᠤᠷ ᠢ ᠨᠡᠮᠡᠯᠲᠡ ᠪᠣᠷᠳᠣᠭᠤᠷ ᠢᠶᠠᠷ ᠬᠢᠬᠦ ᠳᠡᠭᠡᠨ ᠤᠷᠢᠳ ᠢᠶᠠᠷ ᠤᠰᠤ ᠬᠤᠯᠢᠵᠤ ᠰᠢᠩᠭᠡᠷᠡᠭᠦᠯᠬᠦ ᠬᠡᠷᠡᠭᠲᠡᠢ᠂ ᠶᠡᠷᠦ ᠳᠡᠭᠡᠨ 1᠄ 1 ᠶᠢᠨ ᠤᠰᠤ ᠪᠠᠷ ᠰᠢᠩᠭᠡᠷᠡᠭᠦᠯᠦᠨ᠎ᠡ᠃ ᠤᠰᠤ ᠬᠤᠯᠢᠬᠤ ᠦᠭᠡᠢ ᠪᠠᠷ ᠰᠢᠭᠤᠳ ᠲᠠᠷᠢᠮᠠᠯ ᠳᠤ ᠣᠷᠤᠭᠤᠯᠪᠠᠯ᠂ ᠣᠨᠴᠠᠭᠠᠶᠢᠯᠠᠨ ᠨᠢᠯᠬ᠎ᠠ ᠴᠢᠬᠢᠨ ᠳᠤ ᠨᠡᠮᠡᠵᠦ ᠣᠷᠣᠭᠤᠯᠪᠠᠯ ᠲᠠᠷᠢᠮᠠᠯ ᠰᠢᠲᠠᠵᠤ ᠰᠢᠷᠬᠠᠲᠤᠬᠤ ᠦᠵᠡᠭᠳᠡᠯ ᠭᠠᠷᠳᠠᠭ᠃    ᠵᠢᠷᠭᠤᠭ᠎ᠠ᠂ ᠬᠠᠭᠤᠷᠠᠢ ᠲᠠᠷᠢᠶᠠᠨ ᠳᠤ ᠨᠠᠮᠤᠭ ᠤᠨ ᠪᠣᠷᠳᠣᠭᠤᠷ ᠣᠷᠣᠭᠤᠯᠬᠤ ᠳᠠᠭᠠᠨ ᠨᠦᠬᠡ᠂ ᠭᠤᠤ ᠰᠤᠪᠠᠭ ᠢᠶᠠᠷ ᠣᠷᠣᠭᠤᠯᠵᠤ᠂ ᠲᠠᠷᠠᠭ᠎ᠠ ᠪᠠᠷ ᠨᠢ ᠰᠢᠷᠣᠢ ᠬᠤᠴᠢᠪᠠᠯ ᠵᠣᠬᠢᠨ᠎ᠠ ︔ ᠤᠰᠤᠨ ᠲᠠᠷᠢᠶᠠᠨ ᠳᠤ ᠨᠠᠮᠤᠭ ᠤᠨ ᠪᠣᠷᠳᠣᠭᠤᠷ ᠣᠷᠣᠭᠤᠯᠬᠤ ᠳᠠᠭᠠᠨ ᠲᠠᠷᠢᠵᠦ ᠲᠡᠭᠰᠢᠯᠡᠬᠦ ᠠᠴᠠ ᠡᠮᠦᠨ᠎ᠡ ᠲᠠᠷᠢᠶᠠᠨ ᠳᠡᠭᠡᠷ᠎ᠡ ᠵᠢᠭᠳᠡ ᠰᠠᠴᠤᠵᠤ᠂ ᠳᠠᠷᠠᠭ᠎ᠠ ᠨᠢ ᠠᠨᠵᠢᠰᠤ ᠪᠠᠷ ᠢᠷᠤᠭᠠᠷ ᠤᠨ ᠳᠠᠪᠬᠤᠷᠭ᠎ᠠ ᠳᠤ ᠤᠷᠪᠠᠭᠤᠯᠳᠠᠭ᠃    ᠲᠤᠯᠤᠭ᠎ᠠ᠂ ᠨᠠᠮᠤᠭ ᠤᠨ ᠪᠣᠷᠳᠣᠭᠤᠷ ᠣᠷᠣᠭᠤᠯᠬᠤ ᠬᠡᠮᠵᠢᠶ᠎ᠡ ᠶᠢ ᠳᠡᠩᠳᠡᠭᠦᠦ ᠶᠡᠭᠡ ᠪᠠᠶᠢᠯᠭᠠᠵᠤ ᠪᠣᠯᠬᠤ ᠦᠭᠡᠢ᠂ ᠰᠣᠬᠤᠷ ᠪᠠᠯᠠᠢ ᠪᠠᠷ ᠶᠡᠭᠡ ᠬᠡᠮᠵᠢᠶ᠎ᠡ ᠪᠠᠷ ᠬᠡᠷᠡᠭᠯᠡᠭᠡᠳ ᠲᠠᠷᠢᠮᠠᠯ ᠢ ᠲᠠᠯᠠᠭᠠᠷ ᠤᠷᠭᠤᠭᠤᠯᠤᠭᠠᠳ᠂ ᠳᠠᠯᠠᠩ ᠤᠨ ᠬᠤᠭᠤᠷᠣᠨᠳᠤ ᠨᠢ ᠪᠦᠷᠬᠦᠭᠳᠡᠭᠦᠯᠵᠦ᠂ ᠤᠨᠠᠯᠲᠠ ᠬᠠᠰᠤᠭᠳᠠᠬᠤ ᠠᠴᠠ ᠵᠠᠶᠢᠯᠠᠰᠬᠢᠬᠦ ᠬᠡᠷᠡᠭᠲᠡᠢ᠃    ᠨᠠᠢᠮᠠ᠂ ᠨᠠᠮᠤᠭ ᠤᠨ ᠰᠢᠩᠭᠡᠨ ᠢᠶᠠᠷ ᠦᠷ᠎ᠡ ᠶᠢ ᠳᠡᠪᠲᠦᠭᠡᠬᠦ ᠳᠡᠭᠡᠨ ᠦᠷ᠎ᠡ ᠶᠢ ᠳᠡᠪᠲᠦᠭᠡᠭᠰᠡᠨ ᠤ ᠲᠠᠷᠠᠭ᠎ᠠ ᠴᠡᠪᠡᠷ ᠤᠰᠤ ᠪᠠᠷ ᠤᠬᠢᠶᠠᠨ ᠴᠡᠪᠡᠷᠯᠡᠭᠰᠡᠨ ᠤ ᠲᠠᠷᠠᠭ᠎ᠠ ᠰᠠᠶ᠋ᠢ ᠲᠠᠷᠢᠬᠤ ᠬᠡᠷᠡᠭᠲᠡᠢ᠂ ᠬᠦᠴᠢᠯᠵᠢᠭᠦᠯᠬᠦ ᠴᠦᠬᠦᠷᠦᠮ᠂ ᠬᠡᠢ ᠭᠠᠷᠬᠤ ᠦᠭᠡᠢ ᠴᠦᠬᠦᠷᠦᠮ ᠤᠨ ᠨᠠᠮᠤᠭ ᠤᠨ ᠰᠢᠩᠭᠡᠨ ᠢᠶᠠᠷ ᠪᠣᠷᠳᠣᠭᠤᠷ ᠣᠷᠣᠭᠤᠯᠵᠤ ᠦᠷ᠎ᠡ ᠳᠡᠪᠲᠦᠭᠡᠬᠦ ᠨᠢ ᠲᠣᠬᠢᠷᠠᠮᠵᠢ ᠦᠭᠡᠢ᠃    ᠶᠢᠰᠦ᠂ ᠨᠠᠮᠤᠭ ᠤᠨ ᠪᠣᠷᠳᠣᠭᠤᠷ ᠣᠷᠣᠭᠤᠯᠬᠤ ᠳᠠᠭᠠᠨ ᠴᠠᠭ ᠠᠭᠤᠷ ᠤᠨ ᠪᠠᠶᠢᠳᠠᠯ ᠢ ᠠᠩᠬᠠᠷᠤᠨ ᠠᠵᠢᠭᠯᠠᠬᠤ ᠬᠡᠷᠡᠭᠲᠡᠢ᠂ ᠦᠳᠡ ᠪᠤᠶᠤ ᠪᠣᠷᠣᠭᠠᠨ ᠣᠷᠣᠬᠤ ᠠᠴᠠ ᠡᠮᠦᠨ᠎ᠡ ᠨᠠᠮᠤᠭ ᠤᠨ ᠰᠢᠩᠭᠡᠨ ᠢᠶᠠᠷ ᠨᠠᠪᠴᠢᠨ ᠳᠤ ᠪᠣᠷᠳᠣᠭᠤᠷ ᠰᠦᠷᠴᠢᠵᠦ ᠪᠣᠯᠬᠤ ᠦᠭᠡᠢ᠂ ᠰᠢᠷᠦᠭᠦᠨ ᠪᠣᠷᠣᠭᠠᠨ ᠪᠤᠶᠤ ᠪᠣᠷᠣᠭᠠᠨ ᠤ ᠤᠯᠠᠷᠢᠯ ᠲᠣᠬᠢᠶᠠᠯᠳᠤᠬᠤ ᠦᠶ᠎ᠡ ᠳᠤ ᠪᠣᠷᠳᠣᠭᠤᠷ ᠣᠷᠣᠭᠤᠯᠬᠤ ᠪᠠᠨ ᠲᠦᠷ ᠬᠤᠶᠢᠰᠢᠯᠠᠭᠤᠯᠵᠤ᠂ ᠰᠢᠮ᠎ᠡ ᠲᠡᠵᠢᠭᠡᠯ ᠬᠦᠴᠦᠨ ᠦᠭᠡᠢ ᠪᠣᠯᠬᠤ ᠪᠠ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃    ᠠᠷᠪᠠ᠂ ᠨᠠᠮᠤᠭ ᠤᠨ ᠪᠣᠷᠳᠣᠭᠤᠷ ᠣᠷᠣᠭᠤᠯᠤᠭᠰᠠᠨ ᠤ ᠲᠠᠷᠠᠭ᠎ᠠ᠂ ᠪᠣᠷᠳᠣᠭᠤᠷ ᠣᠷᠣᠭᠤᠯᠬᠤ ᠪᠠᠭᠠᠵᠢ ᠪᠠ ᠲᠥᠬᠦᠭᠡᠷᠦᠮᠵᠢ ᠶᠢ ᠴᠠᠭ ᠲᠤᠬᠠᠢ ᠳᠤᠨᠢ ᠴᠡᠪᠡᠷᠯᠡᠵᠦ᠂ ᠣᠷᠴᠢᠨ ᠲᠣᠭᠤᠷᠢᠨ ᠤ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号