ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠬᠤᠷᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/29
   5 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ  ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠦᠴᠢᠦᠸᠠᠨ ᠰᠢᠶᠠᠨ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠪᠠᠶᠢᠳᠠᠯ ᠤᠨ ᠮᠡᠳᠡᠭᠦᠯᠦᠯᠲᠡ ᠶᠢ ᠵᠠᠷᠯᠠᠨ ᠮᠡᠳᠡᠭᠳᠡᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠲᠠᠷᠢᠬᠤ ᠶᠢ ᠴᠠᠭᠠᠵᠠᠯᠠᠵᠤ ᠬᠤᠣᠷ ᠠᠷᠢᠯᠭᠠᠬᠤ᠂ 《 ᠳᠡᠯᠭᠡᠭᠡ ᠮᠠᠶᠢᠮᠠᠢ ᠶᠢᠨ ᠠᠵᠤ ᠠᠬᠤᠢ 》 ᠵᠡᠷᠭᠡ ᠠᠵᠢᠯ ᠢ ᠰᠤᠳᠤᠯᠬᠤ ᠶᠢᠨ ᠬᠠᠮᠲᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠤᠭ᠎ᠠ ᠪᠦᠷᠢᠳᠬᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ᠂ 《 ᠳᠡᠯᠭᠡᠭᠡ ᠮᠠᠶᠢᠮᠠᠶ ᠶᠢᠨ ᠠᠵᠤ ᠠᠬᠤᠶ 》 ᠶᠢ ᠵᠢᠷᠤᠮᠵᠢᠭᠤᠯᠤᠨ ᠬᠥᠭᠵᠢᠭᠦᠯᠬᠦ ᠪᠣᠯ ᠠᠷᠠᠳ  ᠤᠨ ᠠᠮᠢᠳᠤᠷᠠᠯ ᠢ ᠪᠠᠲᠤᠯᠠᠬᠤ᠂ ᠠᠵᠢᠯ ᠣᠯᠭᠤᠯᠲᠠ ᠶᠢ ᠠᠬᠢᠭᠤᠯᠬᠤ᠂ ᠬᠡᠷᠡᠭᠯᠡᠭᠡ ᠶᠢ ᠳᠠᠶᠢᠴᠢᠯᠠᠬᠤ ᠴᠢᠬᠤᠯᠠ ᠠᠭᠤᠯᠭ᠎ᠠ ᠪᠣᠯᠤᠨ᠎ᠠ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠠᠯᠪᠢᠬᠤ ᠬᠠᠮᠢᠶᠠᠷᠬᠤ ᠦᠶᠯᠡᠴᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠶᠯᠡᠳᠪᠦᠷᠢᠯᠡᠯ ᠤᠨ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠᠷᠢᠮᠵᠢᠶ᠎ᠠ ᠳᠤ ᠬᠥᠷᠬᠦ᠂ ᠡᠷᠡᠭᠦᠯ ᠬᠠᠮᠠᠭᠠᠯᠠᠯ ᠬᠢᠷᠢ ᠲᠡᠩᠴᠡᠭᠰᠡᠨ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠬᠤᠲᠠ ᠶᠢᠨ ᠠᠵᠤ ᠠᠬᠤᠶ ᠶᠢ ᠨᠠᠩ ᠬᠥᠭᠵᠢᠶᠡᠨᠲᠡᠶ ᠨᠠᠩ ᠡᠷᠡᠭᠦᠯ ᠰᠠᠷᠠᠭᠤᠯ ᠪᠣᠯᠭᠠᠬᠤ ᠬᠡᠷᠡᠭᠲᠡᠶ  ᠃ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠴᠢᠩᠭᠠᠳᠬᠠᠵᠤ᠂ ᠡᠮᠴᠢᠯᠡᠭᠡᠨ ᠤ ᠡᠬᠢ ᠪᠠᠶᠠᠯᠢᠭ ᠢ ᠵᠣᠬᠢᠰᠲᠠᠶ ᠪᠠᠶᠢᠷᠢᠰᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠠᠷᠠᠳ ᠣᠯᠠᠨ ᠤ ᠡᠮ ᠡᠮᠨᠡᠯᠭᠡ ᠡᠷᠡᠭᠦᠯ ᠮᠡᠨᠳᠦ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ  ᠃ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠳᠠᠯ ᠢ ᠲᠣᠳᠣᠷᠬᠠᠶ ᠲᠠᠨᠢᠵᠤ᠂ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠤᠷᠲᠤ ᠡᠳ᠋ ᠤᠨ ᠤᠤᠯ ᠤᠷᠭᠤᠮᠠᠯ ᠳᠠᠷᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠷ᠎ᠡ ᠶᠢ ᠴᠠᠭᠠᠵᠠᠯᠠᠵᠤ ᠬᠤᠤᠷ᠎ᠠ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ  ᠃     ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠰᠢᠶᠠᠨ ᠤ ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号