ᠪᠦᠬᠦ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠦᠴᠢᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/29
   ᠪᠦᠬᠦ ᠠᠶᠢᠮᠠᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠪᠦᠬᠦ ᠠᠶᠢᠮᠠᠭ ᠤᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠣᠶᠢᠷ᠎ᠠ ᠳᠤ᠂ ᠬᠢᠩᠭᠠᠨ ᠠᠶᠢᠮᠠᠭ  ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠪᠥᠬᠦ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠰᠤᠷᠭᠠᠭᠤᠯᠢ ᠶᠢᠨ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ  ᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠮᠢ ᠨᠠᠰᠤ ᠶᠢ ᠬᠠᠯᠠᠮᠵᠢᠯᠠᠨ ᠬᠠᠶᠢᠷᠠᠯᠠᠵᠤ᠂ ᠢᠳᠡᠭᠡᠨ ᠤ ᠠᠮᠤᠷ ᠲᠦᠪᠰᠢᠨ ᠢ ᠠᠩᠬᠠᠷᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠢᠳᠡᠭᠡᠨ ᠤ ᠠᠮᠤᠷ ᠲᠦᠪᠰᠢᠨ ᠪᠣᠯ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠬᠡᠦᠬᠡᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠠᠷ ᠪᠠᠷᠠᠬᠤ ᠥᠬᠡᠶ᠂ ᠪᠠᠰᠠ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ᠰᠤᠷᠭᠠᠭᠤᠯᠢ ᠶᠢᠨ ᠢᠳᠡᠭᠡᠨ ᠤ ᠬᠤᠤᠷᠳᠠᠯ ᠤᠨ ᠬᠡᠷᠡᠭ ᠢ ᠪᠠᠴᠢᠮ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ  ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠥᠷᠨᠢᠭᠦᠯᠪᠡ᠃ ᠠᠪᠤᠷᠠᠨ ᠲᠤᠰᠠᠯᠠᠬᠤ ᠰᠣᠷᠢᠯᠲᠠ ᠨᠢ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠳᠡᠭᠡᠨ ᠳᠤ ᠬᠤᠤᠷᠳᠠᠭᠳᠠᠬᠤ ᠪᠠᠷ ᠠᠬᠤᠶ ᠲᠠᠯᠠᠪᠠᠶ ᠪᠣᠯᠭᠠᠵᠤ᠂ ᠠᠳᠡᠯ ᠭᠠᠷᠤᠭᠰᠠᠨ᠂ ᠮᠡᠳᠡᠭᠦᠯᠦᠭᠰᠡᠨ᠂ ᠪᠠᠶᠢᠴᠠᠭᠠᠭᠰᠠᠨ᠂ ᠰᠢᠶᠳᠪᠦᠷᠢᠯᠡᠭᠰᠡᠨ ᠵᠢᠴᠢ ᠬᠤᠶᠢᠲᠤᠬᠢ ᠶᠠᠪᠤᠳᠠᠯ ᠢ ᠪᠥᠬᠦ ᠲᠠᠯ᠎ᠠ ᠪᠠᠷ ᠢᠯᠡᠷᠡᠭᠦᠯᠵᠦ᠂ ᠰᠢᠶᠳᠪᠦᠷᠢᠯᠡᠬᠦ ᠭᠤᠭᠴᠤᠭ᠎ᠠ ᠨᠢᠭᠡᠪᠦᠷᠢ ᠪᠠ ᠰᠢᠶᠳᠪᠦᠷᠢᠯᠡᠬᠦ ᠭᠤᠤᠯᠳᠠᠯᠭ᠎ᠠ ᠨᠢᠭᠡᠪᠦᠷᠢ ᠶᠢ ᠦᠨᠡᠨ ᠪᠣᠳᠠᠲᠠᠶ ᠪᠠᠷ ᠦᠵᠡᠭᠦᠯᠵᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃    ︽ᠥᠨᠥᠳᠦᠷ ᠤᠨ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠡᠮᠵᠢᠨ ᠪᠢᠳᠡ ᠮᠠᠰᠢ ᠶᠡᠭᠡ ᠠᠰᠢᠭ ᠭᠥᠷᠳᠡᠭᠰᠡᠨ ᠶᠤᠮ᠃ ᠢᠳᠡᠭᠡᠨ ᠤᠮᠳᠠᠭᠠᠨ ᠠᠮᠤᠷ ᠲᠦᠪᠰᠢᠨ᠂ ᠡᠷᠡᠭᠦᠯ ᠴᠢᠭᠢᠷᠠᠭ ᠢᠶᠠᠷ ᠦᠰᠦᠨ ᠪᠣᠶᠢᠵᠢᠨ᠎ᠠ᠂ ᠮᠢᠨᠦ ᠦᠵᠡᠬᠦ ᠪᠠᠷ ᠪᠢᠳᠡ ᠡᠩ ᠤᠨ ᠣᠶᠢᠶ᠎ᠠ ᠳᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠵᠤ᠂ ᠡᠪᠡᠳᠴᠢᠨ ᠠᠮᠠ ᠠᠴᠠ ᠣᠷᠣᠬᠤ ᠠᠴᠠ ᠰᠡᠷᠭᠡᠶᠢᠯᠡᠬᠦ ᠬᠡᠷᠡᠭᠲᠡᠶ︔ ᠵᠠᠮ ᠤᠨ ᠬᠠᠵᠠᠭᠤ ᠶᠢᠨ ᠳᠡᠯᠭᠡᠭᠡ ᠮᠠᠶᠢᠮᠠᠶ᠂ ᠭᠤᠷᠪᠠ ᠥᠬᠡᠶ᠂ ᠬᠤᠭᠤᠴᠠᠭ᠎ᠠ ᠨᠢ ᠬᠡᠲᠦᠷᠡᠭᠰᠡᠨ ᠪᠤᠶᠤ ᠴᠢᠨᠠᠷ ᠨᠢ ᠬᠤᠪᠢᠷᠬᠠᠰᠠᠨ ᠢᠳᠡᠭᠡᠨ ᠢ ᠢᠳᠡᠬᠦ ᠥᠬᠡᠶ᠂ ᠰᠠᠶᠢᠨ ᠰᠠᠶᠢᠬᠠᠨ ᠡᠷᠡᠭᠦᠯ ᠰᠠᠷᠠᠭᠤᠯ ᠢᠳᠡᠭᠡᠨ ᠤᠮᠳᠠᠭᠠᠨ ᠤ ᠦᠵᠡᠯᠲᠡ ᠶᠢ ᠪᠣᠶ ᠪᠣᠯᠭᠠᠵᠤ᠂ ᠪᠡᠶ᠎ᠡ  ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠶ ᠣᠷᠣᠯᠴᠠᠵᠤ᠂ ᠨᠢᠭᠡᠨ ᠪᠠᠶᠠᠷ ᠬᠥᠷ ᠲᠠᠢ ᠡᠷᠡᠭᠦᠯ ᠢᠶᠠᠷ ᠦᠰᠦᠨ ᠪᠣᠶᠢᠵᠢᠭᠰᠠᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠤᠨ᠎ᠠ᠃︾ ᠭᠡᠵᠦ ᠰᠤᠷᠤᠭᠴᠢ ᠮᠠ ᠳ᠋ᠠᠨ ᠨᠢ ᠬᠡᠯᠡᠪᠡ    ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠠᠴᠠ ᠭᠠᠳᠠᠨ᠎ᠠ᠂ ᠥᠷᠭᠡᠨ ᠣᠯᠠᠨ ᠪᠠᠭᠰᠢ ᠰᠤᠷᠤᠭᠴᠢᠳ ᠪᠠᠰᠠ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠢ ᠲᠣᠭᠤᠷᠢᠨ ᠦᠵᠡᠬᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠬᠠᠮᠢᠶᠠᠷᠤᠯᠲᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠭᠦᠨᠵᠡᠭᠡᠶ ᠣᠶᠢᠯᠠᠭᠠᠪᠠ᠃ ᠰᠤᠷᠭᠠᠭᠤᠯᠢ  ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠡᠨᠡᠳᠲᠡ  ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠴᠢᠳᠠᠪᠤᠷᠢ ᠶᠢ ᠴᠢᠩᠭᠠᠷᠠᠭᠤᠯᠵᠤ᠂ ᠰᠤᠷᠭᠠᠭᠤᠯᠢ ᠶᠢ ᠡᠷᠲᠡ ᠢᠯᠡᠷᠡᠭᠦᠯᠬᠦ᠂ ᠡᠷᠲᠡ ᠡᠵᠡᠮᠳᠡᠬᠦ᠂ ᠡᠷᠲᠡ ᠮᠡᠳᠡᠭᠦᠯᠬᠦ᠂ ᠡᠷᠲᠡ ᠡᠮᠨᠡᠨ ᠵᠠᠰᠠᠬᠤ᠂ ᠡᠷᠲᠡ ᠬᠠᠷᠢᠭᠤ ᠲᠤᠰᠬᠠᠬᠤ ᠶᠢ ᠭᠦᠶᠴᠡᠳᠬᠡᠨ᠂ ᠰᠤᠷᠭᠠᠭᠤᠯᠢ ᠶᠢᠨ ᠬᠦᠷᠢᠶᠡᠨ  ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠶᠢ ᠰᠡᠷᠡᠮᠵᠢᠯᠡᠭᠦᠯᠬᠦ ᠪᠣᠯᠤᠨ᠎ᠠ᠃    ︽ᠢᠳᠡᠭᠡᠨ ᠤ ᠠᠮᠤᠷ ᠲᠦᠪᠰᠢᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠮᠠᠨ ᠤ ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠳᠤ ᠰᠡᠷᠡᠮᠵᠢ ᠶᠢᠨ ᠳᠣᠬᠢᠶ᠎ᠠ ᠥᠭᠴᠡᠶ᠂ ᠬᠤᠶᠢᠰᠢᠳᠠ ᠪᠢᠳᠡ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠪᠣᠳᠠᠲᠠᠶᠢᠵᠢᠭᠤᠯᠵᠤ᠂ ᠬᠤᠭᠤᠯᠠᠨ ᠬᠡᠷ ᠤᠨ ᠵᠢᠷᠤᠮᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠲᠠᠰᠤᠷᠠᠯᠲᠠ ᠥᠬᠡᠶ ᠴᠢᠩᠭᠠᠳᠬᠠᠵᠤ᠂ ᠣᠷᠣᠰᠢᠵᠤ ᠮᠡᠳᠡᠬᠦ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃︾ ᠭᠡᠵᠦ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠢ ᠶᠠᠪᠤᠳᠠᠯ ᠤᠨ ᠭᠠᠵᠠᠷ ᠤᠨ ᠡᠷᠬᠢᠯᠡᠭᠴᠢ ᠯᠢᠦ ᠰᠢᠤᠸᠠᠢ ᠵᠦ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号