ᠯᠢᠦ ᠶᠠᠨ᠄ ᠬᠠᠷᠢᠭᠤᠴᠠᠯᠭ᠎ᠠ ᠪᠠ ᠡᠭᠦᠷᠭᠡᠯᠡᠯ ᠢᠶᠠᠷ ᠰᠡᠳᠬᠢᠯ ᠳᠠᠬᠢ ᠬᠠᠶᠢᠷ᠎ᠠ ᠪᠠ ᠢᠷᠠᠭᠤ ᠠᠯᠳᠠᠷ ᠢᠶᠠᠨ ᠰᠡᠶᠢᠯᠬᠦ ᠬᠡᠷᠡᠭᠲᠡᠶ
ᠨᠡᠶᠢᠲᠡᠯᠡᠭᠰᠡᠨ ᠴᠠᠭ᠄
2024/5/3
 ᠡᠶᠢᠮᠦ ᠨᠢᠭᠡᠨ ᠴᠠᠭᠠᠨ ᠬᠤᠪᠴᠠᠰᠤᠲᠤ ᠠᠨᠴᠢᠯ ᠡᠮᠴᠢᠯᠡᠭᠡᠨ ᠤ ᠨᠢᠭᠡᠳᠦᠭᠡᠷ ᠹᠷᠣᠨᠲ ᠤᠨ ᠰᠤᠪᠢᠯᠠᠯᠲᠠ ᠶᠢᠨ ᠠᠵᠢᠯ  ᠤᠨ ᠪᠠᠶᠢᠷᠢ ᠳᠤ ᠢᠮᠠᠭᠲᠠ ᠦᠨᠳᠦᠰᠦᠯᠡᠵᠦ᠂ ᠰᠢᠷᠭᠠᠭᠤ ᠰᠤᠷᠤᠯᠴᠠᠨ ᠬᠠᠲᠠᠭᠤᠵᠢᠯᠲᠠᠶ ᠪᠣᠯᠪᠠᠰᠤᠷᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠶᠴᠡᠳᠬᠡᠵᠦ᠂ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠳᠡᠭ᠂ ᠲᠡᠭᠦᠨ ᠤ ᠨᠢᠳᠦᠨ ᠳᠤ᠂ ᠪᠣᠶ ᠪᠥᠬᠦᠶ ᠡᠪᠡᠳᠴᠢᠲᠡᠨ ᠴᠥᠮ ᠣᠨᠴᠠᠭᠠᠶ ᠪᠥᠭᠡᠳ ᠴᠢᠬᠤᠯᠠ ᠪᠠᠶᠢᠳᠠᠭ᠂ ᠲᠡᠷᠡ ᠪᠣᠯ ᠳᠠᠷᠤᠶ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠳᠣᠲᠣᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠯᠢᠦ ᠶᠠᠨ ᠪᠣᠯᠤᠨ᠎ᠠ  ᠃
 ᠠᠵᠢᠯ ᠡᠷᠬᠢᠯᠡᠭᠰᠡᠨ 13 ᠵᠢᠯ ᠤᠨ ᠲᠤᠷᠰᠢ᠂ ᠲᠡᠷᠡ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠶᠢ ᠪᠠᠲᠤ ᠰᠠᠬᠢᠬᠤ ᠪᠠᠷ ᠲᠠᠶᠢᠯᠪᠤᠷᠢᠯᠠᠪᠠ︔ ᠪᠠᠲᠤ ᠢᠲᠡᠭᠡᠯ ᠢᠶᠠᠷ ᠨᠠᠨᠳᠢᠩᠭᠧᠯ ᠤᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠦᠶ᠎ᠡ︔ ᠪᠠᠷᠢᠮᠲᠠᠯᠠᠯ ᠢᠶᠠᠷ ᠡᠮᠴᠢ ᠬᠥᠮᠦᠨ ᠤ ᠡᠨᠡᠷᠢᠩᠭᠦᠶ ᠰᠡᠳᠬᠢᠯ ᠢ ᠰᠠᠬᠢᠨ ᠬᠠᠮᠠᠭᠠᠯᠠᠬᠤ  ᠃ ᠭᠠᠷᠮᠠᠭᠠᠢ ᠴᠢᠳᠠᠪᠤᠷᠢ᠂ ᠰᠠᠶᠢᠨ ᠰᠠᠶᠢᠬᠠᠨ ᠡᠮᠴᠢ ᠶᠢᠨ ᠮᠣᠷᠠᠯ ᠰᠤᠷᠲᠠᠯ᠂ ᠡᠷᠬᠢᠮ ᠳᠡᠭᠡᠳᠦ ᠵᠠᠩ ᠴᠢᠨᠠᠷ ᠢᠶᠠᠷ ᠢᠶᠠᠨ ᠤᠳᠤᠷᠢᠳᠤᠯᠭ᠎ᠠ ᠪᠣᠯᠤᠨ ᠬᠠᠮᠲᠤ ᠠᠵᠢᠯᠯᠠᠭᠰᠠᠳ ᠤᠨ ᠢᠶᠠᠨ ᠮᠠᠭᠲᠠᠭᠠᠯ ᠰᠠᠶᠢᠰᠢᠶᠠᠯ᠂ ᠡᠪᠡᠳᠴᠢᠲᠡᠨ ᠪᠣᠯᠤᠨ ᠬᠡᠷ ᠪᠦᠯᠢ ᠶᠢᠨ ᠬᠢᠨ ᠳᠤ ᠮᠡᠳᠡᠷᠡᠭᠳᠡᠵᠦ᠂ ᠤᠷᠢᠳ ᠬᠤᠵᠢᠳ ᠬᠢᠩᠭᠠᠨ ᠠᠶᠢᠮᠠᠭ ᠤᠨ ᠬᠥᠳᠡᠯᠮᠦᠷᠢ ᠶᠢᠨ ᠵᠢᠱᠢᠶᠡᠴᠢ ( ᠲᠡᠷᠢᠭᠦᠨ ᠤ ᠠᠵᠢᠯᠳᠠᠨ ) ᠶᠢᠨ ᠢᠷᠠᠭᠤ ᠠᠯᠳᠠᠷ ᠤᠨ ᠴᠣᠯᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《 51 》 ᠤ ᠬᠥᠳᠡᠯᠮᠦᠷᠢ ᠶᠢᠨ ᠮᠧᠳᠠᠯ ᠬᠦᠷᠳᠡᠵᠠᠢ  ᠃  ᠠᠮᠢᠰᠬᠤᠯ ᠤᠨ ᠳᠣᠲᠣᠷ ᠰᠠᠯᠠᠭᠠᠨ ᠤ ᠡᠪᠡᠳᠴᠢᠲᠡᠨ ᠤ ᠥᠷᠥᠭᠡ ᠪᠠᠷ ᠶᠠᠪᠤᠬᠤ ᠳᠤ᠂ ᠶᠡᠷᠦ ᠨᠢ ᠰᠤᠪᠢᠯᠠᠭᠴᠢᠳ  ᠤᠨ ᠳᠣᠲᠣᠨᠣ ᠦᠭᠡ ᠶᠢ ᠣᠯᠵᠤ ᠰᠣᠨᠣᠰᠳᠠᠭ᠂ ᠡᠨᠡ ᠪᠣᠯ ᠯᠢᠦ ᠶᠠᠨ ᠤ ᠳᠠᠭᠠᠭᠤᠯᠤᠭᠰᠠᠨ ᠰᠤᠪᠢᠯᠠᠯᠲᠠ ᠶᠢᠨ ᠪᠦᠯᠬᠦᠮ ᠡᠳᠦᠷ ᠪᠦᠷᠢ ᠡᠪᠡᠳᠴᠢᠲᠡᠨ ᠲᠠᠢ ᠬᠠᠷᠢᠯᠴᠠᠬᠤ ᠡᠳᠦᠷ ᠲᠤᠲᠤᠮ ᠤᠨ ᠠᠵᠢᠯ ᠪᠣᠯᠤᠨ᠎ᠠ᠂ ᠲᠡᠭᠦᠨ ᠤ ᠳᠠᠭᠠᠭᠤᠯᠭ᠎ᠠ ᠳᠣᠤᠷ᠎ᠠ᠂ ᠠᠮᠢᠰᠬᠤᠯ ᠤᠨ ᠳᠣᠲᠣᠷ ᠰᠠᠯᠠᠭᠠᠨ ᠤ ᠰᠤᠪᠢᠯᠠᠯᠲᠠ ᠶᠢᠨ ᠪᠦᠯᠬᠦᠮ ᠢᠮᠠᠭᠲᠠ ᠢᠨᠢᠶᠡᠮᠰᠦᠭᠯᠡᠨ ᠦᠶᠯᠡᠴᠢᠯᠡᠬᠦ ᠶᠢ ᠪᠠᠷᠢᠮᠲᠠᠯᠠᠵᠤ᠂ ᠡᠪᠡᠳᠴᠢᠲᠡᠨ ᠢ ᠰᠠᠳᠤᠨ ᠲᠥᠷᠥᠯ ᠢᠶᠠᠨ ᠰᠢᠭ ᠦᠵᠡᠵᠦ᠂ ᠡᠪᠡᠳᠴᠢᠲᠡᠨ ᠢ ᠰᠡᠳᠬᠢᠯ ᠬᠠᠨᠤᠮᠵᠢᠲᠠᠶ᠂ ᠬᠡᠷ ᠪᠦᠯᠢ ᠶᠢᠨ ᠬᠢᠨ ᠨᠢ ᠰᠠᠨᠠᠭ᠎ᠠ ᠠᠮᠤᠷ᠂ ᠥᠪᠡᠷ ᠢᠶᠠᠨ ᠰᠠᠨᠠᠭ᠎ᠠ ᠠᠮᠤᠷ ᠪᠠᠶᠢᠬᠤ ᠶᠢ ᠦᠨᠡᠨ ᠬᠦ ᠪᠡᠶᠡᠯᠡᠭᠦᠯᠪᠡ  ᠃ 《 ᠮᠢᠨᠦ ᠦᠵᠡᠬᠦ ᠪᠠᠷ ᠰᠤᠪᠢᠯᠠᠭᠴᠢ ᠪᠣᠯᠤᠭᠰᠠᠨ ᠤ ᠬᠤᠪᠢ ᠳᠤ᠂ ᠬᠠᠮᠤᠭ ᠤᠨ ᠴᠢᠬᠤᠯᠠ ᠨᠢ ᠳᠠᠷᠤᠢ ᠨᠠᠷᠢᠯᠢᠭ ᠪᠥᠭᠡᠳ ᠴᠢᠩᠭ᠎ᠠ ᠨᠢᠮᠪᠠᠢ ᠪᠠᠶᠢᠬᠤ ᠶᠠᠪᠤᠳᠠᠯ ᠪᠣᠯᠤᠨ᠎ᠠ᠂ ᠪᠢ ᠴᠠᠭᠠᠨ ᠦᠩᠭᠡ ᠲᠠᠢ ᠰᠤᠪᠢᠯᠠᠭᠴᠢ ᠶᠢᠨ ᠬᠤᠪᠴᠠᠰᠤ  ᠶᠢ ᠡᠮᠦᠰᠪᠡᠯ᠂ ᠠᠷᠢᠭᠤᠨ ᠲᠠᠷᠬᠠᠨ ᠰᠡᠳᠬᠢᠯᠭᠡ ᠠᠶᠠᠨᠳᠠᠭᠠᠨ ᠪᠤᠢ ᠪᠤᠯᠵᠤ᠂ ᠡᠪᠡᠳᠴᠢᠲᠡᠨ ᠠᠶᠤᠯ ᠲᠦᠭᠰᠢᠭᠦᠷᠢ  ᠠᠴᠠ ᠮᠤᠯᠲᠤᠷᠠᠬᠤ ᠪᠦᠷᠢ᠂ ᠢᠯᠠᠯᠲᠠ ᠶᠢᠨ ᠪᠠᠶᠠᠷ ᠪᠠᠭ᠋ᠠᠳᠤᠯ ᠨᠢ ᠨᠠᠮᠠᠢ ᠠᠯᠢᠪᠠ ᠪᠤᠬᠢᠨᠢᠳᠤᠯ ᠪᠠ ᠶᠠᠳᠠᠷᠠᠯ ᠢ ᠮᠠᠷᠲᠠᠭᠤᠯᠳᠠᠭ 》 ᠭᠡᠵᠦ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠳᠣᠲᠣᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠯᠢᠦ ᠶᠠᠨ ᠬᠡᠯᠡᠪᠡ  ᠃
 ᠯᠢᠦ ᠶᠠᠨ ᠡᠳᠦᠷ ᠪᠦᠷᠢ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭᠠᠬᠢ ᠨᠢᠭᠡᠳᠦᠭᠡᠷ ᠶᠠᠪᠤᠳᠠᠯ ᠪᠣᠯ ᠰᠤᠪᠢᠯᠠᠭᠴᠢ ᠶᠢᠨ ᠪᠦᠯᠬᠦᠮ ᠢᠶᠠᠨ ᠳᠠᠭᠠᠭᠤᠯᠤᠨ ᠡᠪᠡᠳᠴᠢᠲᠡᠨ ᠤ ᠥᠷᠥᠭᠡ ᠪᠠᠶᠢᠴᠠᠭᠠᠵᠤ᠂ ᠡᠪᠡᠳᠴᠢᠲᠡᠨ ᠨᠢᠭᠡᠪᠦᠷᠢ  ᠶᠢᠨ ᠡᠳᠦᠷ ᠪᠦᠷᠢ ᠶᠢᠨ ᠡᠷᠡᠭᠦᠯᠵᠢᠭᠰᠡᠨ ᠪᠠᠶᠢᠳᠠᠯ ᠢ ᠣᠶᠢᠯᠠᠭᠠᠬᠤ ᠶᠠᠪᠤᠳᠠᠯ ᠪᠣᠯᠤᠨ᠎ᠠ  ᠃ ᠡᠪᠡᠳᠴᠢᠲᠡᠨ ᠤ ᠥᠷᠥᠭᠡ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠤᠪᠢᠯᠠᠭᠴᠢ ᠶᠢᠨ ᠥᠷᠲᠡᠭᠡ ᠳᠤ ᠬᠦᠷᠴᠦ ᠲᠦᠷᠭᠡᠨ ᠠᠪᠤᠷᠬᠠᠤ ᠡᠮ  ᠤᠨ ᠵᠦᠶᠯ ᠢ ᠪᠠᠶᠢᠴᠠᠭᠠᠨ ᠦᠵᠡᠵᠦ᠂ ᠲᠤᠬᠠᠶ ᠶᠢᠨ ᠠᠩᠭᠢ ᠶᠢᠨ ᠪᠣᠶ ᠪᠥᠬᠦᠶ ᠡᠪᠡᠳᠴᠢᠲᠡᠨ ᠤ ᠡᠮ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠡᠮᠴᠢ ᠶᠢᠨ ᠵᠠᠬᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠬᠦ ᠵᠡᠷᠭᠡ ᠪᠣᠯ ᠴᠥᠮ ᠯᠢᠦ ᠶᠠᠨ ᠤ ᠡᠳᠦᠷ ᠪᠦᠷᠢ ᠶᠢᠨ ᠵᠠᠪᠠᠯ ᠰᠤᠷᠬᠤ ᠬᠢᠴᠢᠶᠡᠯ ᠪᠣᠯᠤᠨ᠎ᠠ  ᠃ ᠲᠡᠭᠦᠨ ᠤ ᠲᠠᠭᠠᠭᠤᠯᠭ᠎ᠠ ᠳᠣᠣᠷ᠎ᠠ ᠰᠤᠪᠢᠯᠠᠭᠴᠢ ᠶᠢᠨ ᠪᠦᠯᠬᠦᠮ ᠤᠨ ᠬᠢᠨ ᠰᠤᠪᠢᠯᠠᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠵᠤ᠂ ᠡᠮᠨᠡᠯᠭᠡ ᠳᠤ ᠰᠠᠭᠤᠵᠤ ᠪᠠᠶᠢᠭ᠎ᠠ ᠡᠪᠡᠳᠴᠢᠲᠡᠨ ᠢ ᠰᠠᠶᠢᠲᠤᠷ ᠰᠤᠪᠢᠯᠠᠵᠤ᠂ ᠡᠪᠡᠳᠴᠢᠲᠡᠨ ᠤ ᠰᠠᠶᠢᠨ ᠦᠨᠡᠯᠡᠯᠲᠡ ᠶᠢ ᠣᠯᠵᠠᠢ  ᠃ 《 ᠥᠨᠥᠳᠦᠷ ᠪᠣᠯ ᠮᠢᠨᠦ ᠡᠮᠨᠡᠯᠭᠡ ᠳᠤ ᠰᠠᠭᠤᠭᠰᠠᠨ ᠭᠤᠷᠪᠠᠳᠤᠭᠠᠷ ᠡᠳᠦᠷ᠂ ᠠᠳᠡᠬᠢ ᠶᠢᠨ ᠡᠮᠴᠢ ᠰᠤᠪᠢᠯᠠᠭᠴᠢ ᠡᠳᠦᠷ ᠪᠦᠷᠢ ᠢᠷᠡᠵᠦ ᠲᠣᠭᠤᠷᠢᠨ᠎ᠠ᠂ ᠮᠠᠰᠢ ᠨᠠᠷᠢᠨ ᠬᠢᠨᠠᠮᠠᠭᠠᠶ᠂ ᠢᠯᠠᠩᠭᠤᠶ᠎ᠠ ᠯᠢᠦ ᠰᠤᠪᠢᠯᠠᠭᠴᠢ ᠶᠢᠨ ᠳᠠᠷᠤᠭ᠎ᠠ᠂ ᠤᠴᠢᠷ ᠪᠠᠶᠪᠠᠯ ᠲᠡᠭᠦᠨ ᠢ ᠬᠠᠮᠤᠭ ᠲᠡᠷᠢᠭᠦᠨ ᠳᠤ ᠡᠷᠢᠵᠦ ᠰᠢᠶᠳᠪᠦᠷᠢᠯᠡᠳᠡᠭ᠂ ᠪᠢᠳᠡᠨ ᠳᠤ ᠮᠠᠰᠢ ᠰᠠᠢᠨ  ᠃ ᠭᠡᠵᠦ ᠡᠪᠡᠳᠴᠢᠲᠡᠨ ᠯᠢᠨ ᠹᠧᠩ ᠬᠡᠯᠡᠪᠡ  ᠃  ᠯᠢᠦ ᠶᠠᠨ ᠦᠷᠭᠦᠯᠵᠢ ᠨᠢᠭᠡ ᠬᠥᠮᠦᠨ ᠤ ᠴᠢᠳᠠᠪᠤᠷᠢ ᠨᠢ ᠬᠡᠳᠦᠶ ᠥᠨᠳᠥᠷ᠂ ᠮᠡᠷᠭᠡᠵᠢᠯ ᠨᠢ ᠬᠡᠳᠦᠶ ᠰᠠᠶᠢᠨ ᠪᠣᠯᠪᠠᠴᠤ ᠬᠤᠪᠢ ᠬᠥᠮᠦᠨ ᠤ ᠬᠦᠴᠦᠨ ᠴᠢᠳᠠᠯ ᠨᠢ ᠬᠢᠵᠠᠭᠠᠷ ᠲᠠᠢ᠂ ᠨᠠᠩ ᠴᠢᠬᠤᠯᠠ ᠨᠢ ᠪᠥᠬᠦ ᠰᠤᠪᠢᠯᠠᠭᠴᠢ ᠶᠢᠨ ᠢᠳᠡᠪᠬᠢᠵᠢᠯ ᠢ ᠪᠠᠳᠠᠷᠠᠭᠤᠯᠬᠤ ᠬᠡᠷᠡᠭᠲᠡᠶ᠂ ᠣᠯᠠᠨ ᠢᠶᠠᠷ ᠢᠶᠠᠨ ᠪᠦᠯᠬᠦᠮᠳᠡᠨ ᠬᠠᠮᠵᠢᠯᠴᠠᠪᠠᠯ ᠰᠠᠶ᠋ᠢ ᠰᠠᠯᠠᠭ᠎ᠠ ᠲᠠᠰᠤᠭ  ᠤᠨ ᠰᠤᠪᠢᠯᠠᠯᠲᠠ ᠶᠢᠨ ᠡᠭᠦᠷᠭᠡ ᠶᠢ ᠨᠠᠩ ᠰᠠᠶᠢᠨ ᠪᠡᠶᠡᠯᠡᠭᠦᠯᠵᠦ ᠴᠢᠳᠠᠨ᠎ᠠ ᠭᠡᠵᠦ ᠪᠤᠳᠤᠳᠠᠭ  ᠃ ᠰᠤᠪᠢᠯᠠᠭᠴᠢ ᠶᠢᠨ ᠡᠩᠨᠡᠭᠡᠨ ᠤ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠰᠤᠪᠢᠯᠠᠭᠴᠢ ᠶᠢᠨ ᠨᠢᠳᠦᠨ ᠳᠠᠬᠢ 《 ᠰᠠᠶᠢᠨ ᠪᠠᠭᠰᠢ ᠰᠠᠶᠢᠨ ᠨᠠᠶᠢᠵᠠ 》 ᠨᠢ ᠶᠡᠷᠦ ᠨᠢ ᠥᠪᠡᠷ ᠤᠨ ᠲᠤᠷᠰᠢᠯᠭ᠎ᠠ ᠪᠠᠨ ᠵᠠᠯᠠᠭᠤ ᠨᠥᠬᠦᠳ ᠲᠤ ᠤᠯᠠᠮᠵᠢᠯᠠᠵᠤ᠂ ᠰᠤᠪᠢᠯᠠᠭᠴᠢ ᠶᠢ ᠵᠣᠬᠢᠶᠠᠨ ᠪᠠᠶᠢᠭᠤᠯᠵᠤ ᠡᠮᠨᠡᠯᠭᠡ ᠶᠢᠨ ᠬᠤᠷᠢᠶ᠎ᠠ ᠪᠠ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ  ᠤᠨ ᠪᠣᠯᠪᠠᠰᠤᠷᠠᠯ ᠳᠤ ᠣᠷᠣᠯᠴᠠᠭᠤᠯᠵᠤ᠂ ᠡᠮᠴᠢᠯᠡᠭᠡᠨ ᠤ ᠰᠤᠪᠢᠯᠠᠭᠴᠢ ᠶᠢᠨ ᠠᠵᠢᠯᠯᠠᠬᠤ ᠴᠢᠳᠠᠪᠤᠷᠢ ᠪᠠ ᠣᠨᠣᠯ ᠤᠨ ᠮᠡᠳᠡᠯᠭᠡ ᠶᠢ ᠲᠠᠰᠤᠷᠠᠯᠲᠠ ᠥᠬᠡᠶ ᠳᠡᠭᠡᠭᠰᠢᠯᠡᠭᠦᠯᠳᠡᠭ  ᠃ 《 ᠰᠤᠪᠢᠯᠠᠭᠴᠢ ᠶᠢᠨ ᠳᠠᠷᠤᠭ᠎ᠠ ᠪᠣᠯᠤᠭᠰᠠᠨ ᠤ ᠬᠤᠪᠢ ᠳᠤ᠂ ᠲᠡᠷᠡ ᠠᠵᠢᠯᠴᠢ ᠬᠢᠴᠢᠶᠡᠩᠭᠦᠢ᠂ ᠠᠵᠢᠯᠴᠢ ᠬᠢᠴᠢᠶᠡᠩᠭᠦᠢ ᠪᠠᠶᠢᠵᠤ᠂ ᠶᠡᠷᠦ ᠠᠴᠠ ᠪᠢᠳᠡᠨ ᠤ ᠰᠡᠳᠬᠢᠯ ᠵᠢᠷᠦᠬᠡᠨ ᠳᠠᠬᠢ ᠮᠠᠰᠢ ᠰᠢᠯᠢᠳᠡᠭ ᠬᠠᠮᠲᠤ ᠠᠵᠢᠯᠯᠠᠭᠴᠢ ᠪᠠ ᠰᠡᠳᠬᠢᠯ ᠢ ᠮᠡᠳᠡᠭᠴᠢ ᠡᠭᠡᠴᠢ ᠪᠣᠯᠤᠨ᠎ᠠ᠂ ᠠᠵᠢᠯ ᠤᠨ ᠳᠤᠮᠳᠠ ᠴᠤ ᠭᠡᠰᠡᠨ᠂ ᠠᠮᠢᠳᠤᠷᠠᠯ ᠤᠨ ᠳᠤᠮᠳᠠ ᠴᠤ ᠭᠡᠰᠡᠨ᠂ ᠴᠥᠮ ᠡᠶᠡᠯᠰᠡᠭ ᠳᠣᠲᠣᠨᠣ ᠪᠠᠶᠢᠵᠤ᠂ ᠤᠴᠢᠷ ᠪᠠᠶᠢᠪᠠᠯ ᠲᠡᠷᠡ ᠪᠦᠷ ᠬᠠᠪᠰᠤᠷᠤᠨ ᠰᠢᠢᠳᠪᠦᠷᠢᠯᠡᠵᠦ᠂ ᠵᠢᠱᠢᠶᠡᠴᠢ ᠳᠠᠭᠠᠭᠤᠯᠬᠤ ᠦᠢᠯᠡᠳᠦᠯ ᠦᠵᠡᠭᠦᠯᠳᠡᠭ᠂ ᠮᠢᠨᠦ ᠦᠵᠡᠬᠦ ᠪᠠᠷ ᠲᠡᠷᠡ ᠪᠣᠯ ᠬᠠᠮᠤᠭ ᠤᠨ ᠬᠥᠭᠡᠷᠦᠬᠦᠨ ᠰᠤᠪᠢᠯᠠᠭᠴᠢ  ᠶᠢᠨ ᠳᠠᠷᠤᠭ᠎ᠠ ᠪᠣᠯᠤᠨ᠎ᠠ  ᠃ 》 ᠭᠡᠵᠦ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠳᠣᠲᠣᠷ ᠰᠠᠯᠠᠭᠠᠨ ᠤ ᠰᠤᠪᠢᠯᠠᠭᠴᠢ ᠵᠠᠩ ᠰᠢᠨ ᠬᠡᠯᠡᠪᠡ  ᠃
 ᠡᠪᠦᠯ ᠤᠨ ᠤᠯᠠᠷᠢᠯ ᠵᠣᠨ ᠤ ᠤᠯᠠᠷᠢᠯ ᠳᠤ᠂ ᠪᠠᠶᠠᠷ ᠳᠤᠷᠠᠰᠬᠠᠯ ᠤᠨ ᠡᠳᠦᠷ ᠴᠦ ᠲᠡᠷᠡ᠂ ᠰᠥᠨᠢ ᠳᠦᠯᠢ ᠴᠦ ᠲᠡᠷᠡ᠂ ᠤᠲᠠᠰᠤᠨ ᠤ ᠬᠤᠩᠬᠤ ᠳᠤᠤᠭᠠᠷᠤᠭᠰᠠᠭᠠᠷ ᠯᠠ ᠯᠢᠦ ᠶᠠᠨ ᠳᠠᠷᠤᠶ ᠲᠦᠷᠭᠡᠨ ᠡᠮᠨᠡᠯᠭᠡ ᠳᠤ ᠬᠦᠷᠴᠦ ᠡᠯ᠎ᠡ ᠵᠦᠶᠯ ᠤᠨ ᠬᠦᠴᠢᠷ ᠲᠦᠪᠡᠭᠲᠡᠶ ᠠᠰᠠᠭᠤᠳᠠᠯ ᠢ ᠰᠢᠶᠳᠪᠦᠷᠢᠯᠡᠵᠦ᠂ ᠣᠯᠠᠩᠬᠢ ᠴᠠᠭ ᠪᠠ ᠣᠶᠤᠨ ᠴᠢᠳᠠᠯ ᠢᠶᠠᠨ ᠴᠥᠮ ᠲᠡᠭᠦᠨ ᠤ ᠬᠠᠶᠢᠷᠠᠲᠠᠶ ᠠᠵᠢᠯ ᠪᠠ ᠡᠪᠡᠳᠴᠢᠲᠡᠨ ᠳᠡᠭᠡᠨ ᠵᠣᠷᠢᠭᠤᠯᠵᠤ᠂ ᠥᠪᠡᠷ ᠤᠨ ᠠᠵᠢᠯᠯᠠᠭ᠎ᠠ ᠪᠠᠷ ᠢᠶᠠᠨ ᠰᠤᠪᠢᠯᠠᠬᠤ ᠦᠶᠯᠡᠰ ᠤᠨ ᠬᠡᠷᠡᠯ ᠰᠠᠴᠤᠷᠠᠩᠭᠤᠶ ᠬᠠᠭᠤᠳᠠᠰᠤ ᠶᠢ ᠪᠢᠴᠢᠭᠯᠡᠵᠦ ᠪᠠᠶᠢᠳᠠᠭ  ᠃  《 ᠥᠪᠡᠷᠲᠡᠭᠡᠨ ᠵᠠᠰᠠᠬᠤ ᠣᠷᠣᠨ ᠤ 〈 51 〉 ᠤ ᠬᠥᠳᠡᠯᠮᠦᠷᠢ ᠶᠢᠨ ᠱᠠᠩᠨᠠᠯ ᠤᠨ ᠮᠧᠳᠠᠯ ᠭᠥᠷᠳᠡᠬᠦ ᠢᠷᠠᠭᠤ ᠠᠯᠳᠠᠷ ᠪᠣᠯ ᠮᠢᠨᠦ ᠬᠤᠶᠢᠰᠢᠳᠠ ᠶᠢᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠮᠥᠨ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠰᠤᠪᠢᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠶᠢᠨ ᠰᠠᠶᠢᠬᠠᠨ ᠠᠵᠢᠯ ᠤᠨ ᠣᠪᠣᠷ ᠪᠠᠶᠢᠳᠠᠯ ᠪᠠ ᠨᠠᠩ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠷ ᠬᠤᠶᠢᠰᠢᠳᠠ ᠶᠢᠨ ᠠᠵᠢᠯ ᠳᠠᠭᠠᠨ ᠣᠷᠣᠯᠴᠠᠵᠤ᠂ ᠨᠢᠭᠡᠨ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠰᠤᠪᠢᠯᠠᠭᠴᠢ ᠪᠣᠯᠤᠨ᠎ᠠ 》 ᠭᠡᠵᠦ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠮᠢᠰᠬᠤᠯ ᠤᠨ ᠳᠣᠲᠣᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠯᠢᠦ ᠶᠠᠨ ᠬᠡᠯᠡᠪᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号