ᠰᠢᠤᠸᠠᠢ ᠲᠢᠶᠠᠨ ᠰᠢᠶᠠᠩ᠄ ᠶᠡᠭᠡ ᠪᠡᠯᠡᠭ ᠥᠭᠬᠦ ᠶᠢ ᠬᠤᠷᠢᠭᠯᠠᠵᠤ᠂ ᠪᠣᠯᠪᠠᠰᠤᠨ ᠣᠷᠤᠭ ᠬᠤᠷᠢᠮ ᠢ ᠰᠠᠨᠠᠭᠠᠴᠢᠯᠠᠨ᠎ᠠ
ᠨᠡᠶᠢᠲᠡᠯᠡᠭᠰᠡᠨ ᠴᠠᠭ᠄
2024/5/30
   ᠰᠢᠤᠸᠠᠢ ᠲᠢᠶᠠᠨ ᠰᠢᠶᠠᠩ ᠨᠢ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠦᠶᠯᠡᠳᠦᠯᠭᠡᠵᠢᠭᠦᠯᠬᠦ᠂ ᠪᠣᠯᠪᠠᠰᠤᠨ  ᠢ ᠡᠭᠦᠳᠦᠨ ᠪᠠᠶᠢᠭᠤᠯᠬᠤ ᠵᠡᠷᠭᠡ ᠣᠯᠠᠨ ᠲᠠᠯ᠎ᠠ ᠠᠴᠠ ᠡᠭᠦᠰᠴᠦ᠂ ︽ᠶᠡᠭᠡ ᠪᠡᠯᠡᠭ ᠥᠭᠬᠦ ᠶᠢ ᠡᠰᠡᠷᠭᠦᠴᠡᠨ ᠬᠤᠷᠢᠭᠯᠠᠵᠤ ᠪᠣᠯᠪᠠᠰᠤᠨ ᠬᠤᠷᠢᠮ ᠤᠨ ᠵᠠᠩ ᠳᠠᠳᠬᠠᠯ ᠢ ᠰᠠᠨᠠᠭᠠᠴᠢᠯᠠᠬᠤ︾ ᠤᠬᠠᠭᠤᠯᠭ᠎ᠠ ᠵᠢᠯᠣᠭᠤᠳᠣᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠳᠠᠳᠬᠠᠯ ᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠶᠡᠬᠡᠮᠰᠦᠭ ᠬᠤᠷᠢᠮ ᠤᠨ ᠰᠤᠷᠲᠠᠯ ᠢ ᠡᠷᠡᠰ ᠬᠤᠷᠢᠭᠯᠠᠵᠤ᠂ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠣᠶ ᠪᠣᠯᠭᠠᠪᠠ᠃    ᠤᠬᠠᠭᠤᠯᠵᠤ ᠬᠥᠲᠥᠯᠥᠨ ᠵᠢᠯᠣᠭᠤᠳᠴᠤ᠂ ᠬᠡᠪ ᠵᠠᠩᠰᠢᠯ ᠢ ᠥᠭᠡᠷᠡᠴᠢᠯᠡᠬᠦ ︽ᠬᠠᠮᠤᠭ ᠤᠨ ᠴᠢᠩᠭ᠎ᠠ ᠳᠠᠭᠤᠨ︾ ᠭᠠᠷᠭᠠᠪᠠ᠃    ᠨᠢᠭᠡ ᠲᠠᠯ᠎ᠠ ᠪᠠᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠦ᠂ ᠲᠡᠷᠢᠭᠦᠨ ᠤ ᠵᠢᠱᠢᠶᠡᠴᠢ᠂ ᠵᠠᠯᠠᠭᠤ ᠭᠤᠣᠯᠯᠠᠭᠴᠢ ᠬᠦᠴᠦᠨ᠂ ᠦᠨᠡᠨᠴᠢ ᠰᠢᠳᠤᠷᠭᠤ ᠬᠥᠮᠦᠨ᠂ ︽ᠠᠷᠠᠳ ᠤᠨ ᠨᠡᠷᠡᠲᠦ ᠬᠤᠩᠰᠢᠶᠠᠷ︾᠂ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠬᠤ ᠭᠤᠤᠯᠯᠠᠭᠴᠢ ᠬᠦᠴᠦᠨ ᠰᠠᠶᠢᠨ ᠳᠤᠷ᠎ᠠ ᠶᠢᠨ ᠦᠶᠯᠡᠴᠢᠯᠡᠭᠡᠨ  ᠤ ᠠᠩᠭᠢ 15 ᠪᠠᠶᠢᠭᠤᠯᠪᠠ᠂ ᠠᠶᠢᠯ ᠲᠣᠰᠬᠤᠨ ᠳᠤ ᠭᠦᠨᠵᠡᠭᠡᠶᠢᠷᠡᠭᠰᠡᠨ ᠲᠠᠷᠢᠶᠠᠴᠢᠨ ᠡᠷᠦᠬᠡ᠂  ᠲᠠᠷᠢᠶᠠᠨ ᠵᠠᠬ᠎ᠠ᠂ ᠲᠣᠰᠬᠤᠨ ᠤ ᠵᠠᠬ᠎ᠠ ᠠᠭᠤᠳᠠᠮ ᠲᠠᠯᠠᠪᠠᠢ ᠳᠤ ᠵᠠᠩ ᠳᠠᠳᠬᠠᠯ ᠢ ᠥᠭᠡᠷᠡᠴᠢᠯᠡᠬᠦ ᠪᠣᠯᠪᠠᠰᠤᠨ ᠢ ᠦᠶᠯᠡᠳᠦᠯᠭᠡᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 21 ᠤᠳᠠᠭ᠎ᠠ ᠥᠷᠨᠢᠭᠦᠯᠪᠡ᠃ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠰᠣᠬᠤᠷ ᠪᠠᠯᠠᠶ ᠪᠠᠷ ᠠᠳᠠᠯᠢᠳᠬᠠᠬᠤ ᠶᠢ ᠠᠷᠢᠯᠭᠠᠨ᠎ᠠ᠂ ᠪᠠᠶᠠᠨ ᠢᠶᠠᠨ ᠭᠠᠶᠢᠬᠠᠭᠤᠯᠬᠤ᠂ ᠬᠠᠷᠢ ᠳᠤ ᠮᠣᠷᠳᠠᠭᠰᠠᠨ ᠬᠡᠦᠬᠡᠨ ᠵᠣᠪᠠᠯᠠᠩ ᠲᠠᠶᠢᠯᠬᠤ᠂ ᠪᠡᠯᠡᠭ ᠢ ᠪᠡᠯᠡᠭ ᠢᠶᠠᠷ ᠦᠨᠡᠯᠡᠬᠦ᠂ ᠪᠣᠭᠲᠣᠯᠠᠬᠤ ᠪᠡᠯᠡᠭ ᠢᠶᠠᠷ ᠤᠷᠤᠭ ᠢ ᠪᠠᠲᠤᠯᠠᠬᠤ ᠵᠡᠷᠭᠡ ᠭᠠᠵᠢᠭᠤ ᠦᠵᠡᠯᠲᠡ᠂ ᠳᠥᠭᠦᠮ ᠳᠥᠲᠡ ᠲᠣᠬᠢᠷᠠᠮᠵᠢᠲᠠᠶ ᠣᠷᠤᠭ ᠬᠤᠷᠢᠮ ᠤᠨ ᠶᠣᠰᠣ ᠵᠠᠩᠰᠢᠯ  ᠤᠨ ᠣᠶᠢᠯᠠᠭᠠᠭᠳᠠᠬᠤᠨ ᠢ ᠰᠠᠨᠠᠭᠠᠴᠢᠯᠠᠵᠦ᠂ ᠨᠡᠶᠢᠲᠡ 1200 ᠭᠠᠷᠤᠶ ᠬᠥᠮᠦᠨ ᠤᠳᠠᠭ᠎ᠠ ᠣᠯᠠᠨ ᠲᠦᠮᠡᠨ ᠢ ᠬᠠᠮᠤᠷᠤᠭᠰᠠᠨ ᠪᠠᠶᠢᠨ᠎ᠠ᠂ ᠪᠡᠯᠡᠭ ᠢ ᠬᠥᠮᠦᠨ ᠮᠥᠰᠥ ᠲᠠᠢ ᠠᠳᠠᠯᠢᠳᠬᠠᠬᠤ ᠦᠭᠡᠢ᠂ ᠪᠣᠯᠪᠠᠰᠤᠨ ᠰᠤᠷᠲᠠᠯ ᠢ ᠡᠷᠬᠢᠮᠯᠡᠬᠦ ᠦᠭᠡᠢ ᠰᠢᠨ᠎ᠡ ᠰᠤᠷᠲᠠᠯ ᠲᠥᠪ ᠰᠤᠷᠲᠠᠯ᠃ ᠨᠥᠭᠦᠭᠡ ᠲᠠᠯ᠎ᠠ ᠪᠠᠷ ︽ᠲᠣᠰᠬᠤᠨ ᠲᠣᠰᠬᠤᠨ ᠤ ᠲᠠᠭᠤ ᠴᠢᠮᠡᠭᠡ︾ ᠭᠡᠬᠦ ᠲᠣᠮᠣ ᠪᠦᠷᠢᠶ᠎ᠡ᠂ ᠤᠬᠠᠭᠤᠯᠭ᠎ᠠ ᠶᠢᠨ ᠪᠤᠯᠤᠩ᠂ ︽ᠨᠠᠮ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠬᠤ︾ ᠸᠢᠴᠠᠲ ᠤᠨ ᠴᠤᠭᠯᠠᠷᠠᠯ ᠢ ᠠᠰᠢᠭᠯᠠᠨ ᠵᠥᠪ ᠲᠠᠯ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠳᠡᠷᠭᠡᠳᠡᠬᠢ ᠬᠡᠪ ᠵᠠᠩᠰᠢᠯ ᠢ ᠥᠭᠡᠷᠡᠴᠢᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠶ ᠤᠬᠠᠭᠤᠯᠤᠨ᠂ ᠮᠠᠭᠤ ᠳᠠᠳᠬᠠᠯ ᠢ ᠵᠠᠯᠠᠷᠠᠭᠤᠯᠤᠨ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠶᠡᠭᠡ ᠪᠡᠯᠡᠭ  ᠤᠨ ᠨᠢᠭᠤᠷ ᠪᠠᠷᠠᠬᠤ ᠶᠢ ᠠᠬᠢᠭᠤᠯᠤᠨ᠂ ᠪᠡᠯᠡᠭ ᠰᠡᠯᠲᠡ ᠠᠪᠬᠤ ᠥᠬᠡᠶ ᠪᠠᠶᠢᠵᠤ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃    ᠤᠨᠢᠨ ᠳᠡᠭᠡᠷ᠎ᠡ ᠨᠢ ᠬᠦᠴᠦᠯᠡᠵᠦ᠂ ᠬᠡᠪ ᠵᠠᠩᠰᠢᠯ ᠢ ᠥᠭᠡᠷᠡᠴᠢᠯᠡᠬᠦ ︽ᠰᠠᠨᠠᠭᠠᠴᠢᠯᠠᠭᠠᠲᠤ ᠡᠷᠬᠡ︾ ᠶᠢ ᠡᠵᠡᠮᠳᠡᠬᠦ ᠬᠡᠷᠡᠭᠲᠡᠢ᠃    ᠡᠯ᠎ᠡ ᠲᠣᠰᠬᠤᠨ ᠤ ᠳᠥᠷᠪᠡᠨ ᠨᠡᠶᠢᠭᠡᠮᠯᠢᠭ ᠠᠴᠠ ᠪᠦᠷᠢᠯᠳᠦᠬᠦᠨ ᠢᠶᠠᠨ ᠵᠣᠬᠢᠶᠠᠨ ᠪᠠᠶᠢᠭᠤᠯᠵᠤ᠂ ᠪᠣᠭᠲᠣᠯᠠᠬᠤ ᠪᠡᠯᠡᠭ ᠥᠭᠬᠦ ᠰᠠᠶᠢᠨ ᠳᠤᠷ᠎ᠠ ᠶᠢᠨ ᠢᠳᠬᠠᠯ ᠤᠨ ᠠᠩᠭᠢ 15 ᠶᠢ ᠵᠣᠬᠢᠶᠠᠨ ᠪᠠᠶᠢᠭᠤᠯᠵᠤ᠂ ᠬᠤᠷᠢᠮᠯᠠᠬᠤ ᠳᠤ ᠲᠣᠬᠢᠷᠠᠮᠵᠢᠲᠠᠶ ᠵᠠᠯᠠᠭᠤᠴᠤᠳ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠤᠬᠠᠭᠤᠯᠤᠨ ᠢᠳᠬᠠᠵᠤ᠂ ᠬᠤᠷᠢᠮᠯᠠᠬᠤ ᠳᠤ ᠲᠣᠬᠢᠷᠠᠮᠵᠢᠲᠠᠶ ᠵᠠᠯᠠᠭᠤᠴᠤᠳ ᠵᠢᠴᠢ ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠭᠲᠣᠯᠠᠬᠤ ᠪᠡᠯᠡᠭ ᠥᠭᠬᠦ᠂ ᠬᠤᠷᠢᠮ ᠨᠠᠶᠢᠷ ᠢ ᠶᠡᠬᠡᠪᠡᠷ ᠬᠢᠬᠦ᠂ ᠬᠤᠷᠢᠮ ᠨᠠᠶᠢᠷ ᠬᠢᠬᠦ᠂ ᠶᠣᠰᠣᠯᠠᠯ ᠢ ᠳᠠᠭᠠᠵᠤ ᠠᠲᠠᠭᠠᠷᠬᠠᠬᠤ᠂ ᠱᠠᠯᠢᠨ ᠪᠦᠷᠢᠯᠭᠡᠬᠦ ᠵᠡᠷᠭᠡ ᠦᠶᠯᠡ ᠠᠵᠢᠯᠯᠠᠭ᠎ᠠ ᠶᠢ ᠨᠢ ᠲᠠᠶᠠᠭᠳᠠᠭᠤᠯᠵᠤ᠂ ᠲᠡᠷᠭᠡᠨ ᠳᠤ ᠭᠠᠷᠬᠤ ᠰᠦᠶᠳᠬᠡᠯ᠂ ᠡᠷᠦᠬᠡ ᠠᠮᠠ ᠰᠣᠯᠢᠬᠤ ᠰᠦᠶᠳᠬᠡᠯ᠂ ᠲᠣᠯᠣᠭᠠᠶ ᠪᠦᠲᠡᠭᠡᠬᠦ ᠰᠦᠶᠳᠬᠡᠯ ᠵᠡᠷᠭᠡ ᠡᠯᠳᠡᠪ ᠵᠦᠶᠯ ᠤᠨ ᠰᠦᠶᠳᠬᠡᠯ ᠠᠪᠬᠤ ᠮᠠᠭᠤ ᠳᠠᠳᠬᠠᠯ ᠢ ᠡᠷᠡᠰ ᠲᠡᠪᠴᠢᠪᠡ᠃ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ 1 ᠤᠳᠠᠭ᠎ᠠ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠶᠡᠭᠡ ᠲᠣᠭᠠᠨ ᠤ ᠪᠣᠭᠲᠣᠯᠠᠬᠤ ᠪᠡᠯᠡᠭ ᠢ ᠬᠤᠷᠢᠭᠯᠠᠬᠤ ᠢᠯᠡ ᠲᠣᠳᠣ ᠤᠳᠤᠷᠢᠳᠤᠮᠵᠢ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︽ᠤᠯᠠᠭᠠᠨ ᠬᠦᠷᠡᠩ ᠬᠠᠷ᠎ᠠ ᠰᠠᠮᠪᠠᠷ᠎ᠠ︾ ᠶᠢᠨ ᠦᠨᠡᠯᠡᠯᠲᠡ ᠶᠢᠨ ᠠᠵᠢᠯᠯᠠᠭ᠎ᠠ ᠶᠢ 1 ᠤᠳᠠᠭ᠎ᠠ ᠥᠷᠨᠢᠭᠦᠯᠵᠦ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠬᠤᠴᠣᠷᠤᠩᠭᠤᠶ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠳᠡᠭᠡᠭᠰᠢᠯᠡᠭᠦᠯᠬᠦ᠂ ᠥᠪᠡᠷ ᠤᠨ ᠦᠶᠯᠡᠴᠢᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠬᠠᠤᠯᠢ ᠴᠠᠭᠠᠵᠠ ᠶᠢᠨ ᠤᠬᠠᠭᠤᠯᠭ᠎ᠠ᠂ ᠬᠡᠪ ᠵᠠᠩᠰᠢᠯ ᠢ ᠥᠭᠡᠷᠡᠴᠢᠯᠡᠬᠦ ︽ᠰᠡᠷᠡᠮᠵᠢ ᠶᠢᠨ ᠲᠠᠭᠤᠨ︾ ᠢ ᠬᠠᠩᠭᠢᠨᠠᠭᠤᠯᠪᠠ᠃    ᠰᠢᠶᠠᠩ ᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ ᠤᠨ ᠬᠠᠮᠲᠤᠷᠠᠭᠰᠠᠨ ᠬᠠᠤᠯᠢ ᠴᠠᠭᠠᠵᠠ  ᠶᠢᠨ ᠰᠠᠯᠪᠤᠷᠢ ᠶᠢᠨ ᠲᠣᠮᠢᠯᠠᠭᠰᠠᠨ ᠰᠠᠯᠪᠤᠷᠢ ᠬᠡᠪ ᠵᠠᠩᠰᠢᠯ ᠢ ᠥᠭᠡᠷᠡᠴᠢᠯᠡᠬᠦ ᠬᠠᠤᠯᠢ ᠲᠦᠭᠡᠮᠡᠯᠵᠢᠭᠦᠯᠬᠦ ᠬᠥᠮᠦᠵᠢᠯ ᠢ 2 ᠤᠳᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠬᠠᠨᠳᠤᠭᠤᠯᠤᠨ ᠠᠷᠠᠳ ᠤᠨ ᠳᠡᠭᠡᠳᠦ ᠰᠢᠭᠦᠬᠦ ᠬᠤᠷᠢᠶᠠᠨ ᠤ ᠨᠡᠶᠢᠲᠡᠯᠡᠭᠰᠡᠨ ︽ᠪᠡᠯᠡᠭ ᠰᠡᠯᠲᠡ ᠳᠤ ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠢ ᠰᠢᠭᠦᠬᠦ  ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠲᠣᠭᠲᠠᠭᠠᠯ︾ ᠢ ᠤᠩᠰᠢᠨ ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠡᠭᠦᠨ ᠤ ᠳᠣᠲᠣᠷᠠᠬᠢ ︽ᠣᠷᠤᠭ ᠬᠤᠷᠢᠮ ᠢᠶᠠᠷ ᠡᠳ᠋ ᠤᠨ ᠶᠠᠪᠤᠳᠠᠯ ᠠᠪᠬᠤ ᠶᠢ ᠴᠠᠭᠠᠵᠠᠯᠠᠬᠤ︾ ᠵᠡᠷᠭᠡ ᠵᠦᠶᠯ ᠵᠤᠷᠪᠤᠰ ᠢ ᠤᠬᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ  ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠪᠠ᠃    ᠨᠡᠶᠢᠲᠡᠯᠢᠭ ᠵᠢᠱᠢᠶ᠎ᠡ ᠪᠠᠷ ᠳᠠᠶᠢᠴᠢᠯᠠᠵᠤ᠂ ᠬᠡᠪ ᠵᠠᠩᠰᠢᠯ ᠢ ᠥᠭᠡᠷᠡᠴᠢᠯᠡᠬᠦ ︽ᠰᠠᠶᠢᠨ ᠬᠡᠪ ᠳᠠᠭᠤᠷᠢᠶᠠᠯ︾ ᠢ ᠪᠣᠶ ᠪᠣᠯᠭᠠᠨ᠎ᠠ᠃    ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ᠂ ︽ᠲᠠᠪᠤᠨ ᠠᠬᠠᠮᠠᠳ︾ ᠬᠥᠮᠦᠰ᠂ ᠪᠠᠶᠠᠵᠢᠯ ᠤᠨ ᠳᠠᠭᠠᠭᠤᠯᠤᠭᠴᠢ ᠵᠡᠷᠭᠡ ᠬᠥᠮᠦᠰ ᠤᠨ ᠵᠢᠱᠢᠶ᠎ᠡ ᠦᠵᠡᠭᠦᠯᠬᠦ ᠦᠶᠯᠡᠳᠦᠯ ᠢ ᠰᠠᠶᠢᠲᠤᠷ ᠪᠠᠳᠠᠷᠠᠭᠤᠯᠵᠤ᠂ ᠲᠡᠳᠡᠨ ᠤ ᠲᠦᠷᠦᠭᠦᠯᠡᠨ ᠶᠡᠭᠡ ᠬᠡᠮᠵᠢᠶᠡᠨ ᠤ ᠪᠣᠭᠲᠣᠯᠠᠬᠤ ᠪᠡᠯᠡᠭ ᠬᠤᠷᠢᠶᠠᠨ ᠬᠦᠷᠭᠡᠬᠦ᠂ ᠬᠤᠷᠢᠮ ᠨᠠᠶᠢᠷ ᠢ ᠶᠡᠭᠡ ᠪᠠᠷ ᠡᠷᠭᠢᠯᠡᠬᠦ ᠵᠡᠷᠭᠡ ᠪᠣᠯᠬᠢ ᠳᠠᠳᠬᠠᠯ ᠢ ᠲᠠᠶᠠᠭᠳᠠᠬᠤ ᠪᠠ ᠡᠰᠡᠷᠭᠦᠴᠡᠬᠦ ᠶᠢ ᠰᠠᠨᠠᠭᠠᠴᠢᠯᠠᠵᠤ᠂ ᠵᠢᠱᠢᠶ᠎ᠡ ᠦᠵᠡᠭᠦᠯᠦᠨ ᠳᠠᠶᠢᠴᠢᠯᠠᠵᠤ᠂ ᠬᠡᠪ ᠵᠠᠩᠰᠢᠯ ᠪᠣᠯᠭᠠᠨ᠎ᠠ᠃ ᠪᠣᠯᠪᠠᠰᠤᠨ ᠬᠡᠷ ᠪᠦᠯᠢ ᠶᠢᠨ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ ᠬᠡᠷ ᠤᠨ ᠰᠤᠷᠲᠠᠯ ᠤᠨ ᠥᠯᠢᠭᠡᠷ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ ᠪᠣᠯᠪᠠᠰᠤᠨ ᠬᠡᠷ ᠪᠦᠯᠢ ᠶᠢᠨ ᠬᠢᠨ ᠲᠣᠰ ᠲᠣᠰᠬᠤᠨ ᠳᠤ ᠲᠦᠷᠦᠭᠦᠯᠡᠨ ᠶᠡᠭᠡ ᠬᠡᠮᠵᠢᠶᠡᠨ ᠤ ᠪᠣᠭᠲᠣᠯᠠᠬᠤ ᠪᠡᠯᠡᠭ ᠢ ᠬᠤᠷᠢᠭᠯᠠᠬᠤ ᠶᠢ ᠵᠣᠷᠢᠭᠵᠢᠭᠤᠯᠵᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠵᠤ ᠲᠦᠷᠦᠭᠦ ᠵᠡᠷᠭᠡ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠬᠤ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠬᠤ ᠣᠷᠤᠭ ᠤᠨ ᠣᠶᠢᠯᠠᠭᠠᠭᠳᠠᠬᠤᠨ ᠢ ᠰᠠᠨᠠᠭᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号