ᠵᠢᠦ ᠯᠦᠩ ᠰᠢᠶᠠᠩ᠄ ︽ᠰᠢᠨ᠎ᠡ ᠰᠣᠷᠭᠤᠭ ᠡᠷᠳᠡᠨᠢ ᠰᠢᠰᠢ + ᠬᠦᠬᠡ ᠦᠨᠳᠦᠰᠦ︾ ᠨᠢ ᠬᠦᠷᠢᠶ᠎ᠡ ᠬᠠᠰᠢᠶᠠᠨ ᠤ ︽ᠵᠣᠭᠤᠰᠣᠨ ᠤᠭᠤᠲᠠ︾ ᠶᠢ ᠳᠦᠭᠦᠷᠭᠡᠪᠡ
ᠨᠡᠶᠢᠲᠡᠯᠡᠭᠰᠡᠨ ᠴᠠᠭ᠄
2024/5/30
   ᠠᠭᠤᠷ ᠠᠮᠢᠰᠬᠤᠯ ᠳᠤᠯᠠᠭᠠᠷᠠᠵᠤ᠂ ᠲᠦᠮᠡᠨ ᠪᠣᠳᠠᠰ ᠠᠮᠢᠯᠠᠨ ᠰᠡᠷᠭᠦᠬᠦ ᠶᠢ ᠳᠠᠭᠠᠯᠳᠤᠨ᠂ ᠵᠢᠦ ᠯᠦᠩ ᠰᠢᠶᠠᠩ  ᠤᠨ ᠠᠶᠢᠯ ᠡᠷᠦᠬᠡ ᠪᠦᠬᠦᠨ ᠴᠥᠮ ᠶᠠᠭᠠᠷᠠᠯᠳᠤᠵᠤ ᠡᠬᠢᠯᠡᠪᠡ᠂ ᠡᠩ ᠲᠡᠷᠢᠭᠦᠨ ᠳᠤ ᠬᠦᠷᠢᠶ᠎ᠡ ᠬᠠᠰᠢᠶ᠎ᠠ ᠭᠡᠬᠦ ᠡᠨᠡ ᠬᠦ ︽ᠵᠣᠭᠤᠰᠣᠨ ᠤᠭᠤᠲᠠ︾ ᠶᠢ ᠰᠠᠶᠢᠲᠤᠷ ᠲᠢᠭᠯᠡᠬᠦ ᠪᠣᠯ ᠲᠡᠭᠦᠨ ᠤ ᠲᠡᠷᠢᠭᠦᠨ ᠴᠢᠬᠤᠯᠠ ᠡᠭᠦᠷᠭᠡ ᠪᠣᠯᠤᠨ᠎ᠠ᠃    ᠬᠠᠪᠤᠷ ᠤᠨ ᠲᠠᠷᠢᠶᠠᠯᠠᠭ᠎ᠠ ᠶᠢ ᠦᠯᠦ ᠰᠠᠭᠠᠲᠠᠭᠠᠵᠤ᠂ ᠲᠠᠷᠢᠶᠠᠴᠢᠨ ᠡᠷᠦᠬᠡ ᠶᠢᠨ ᠵᠣᠭᠤᠰᠣᠨ ᠤᠭᠤᠲᠠ ᠶᠢ ᠬᠠᠮᠠᠭᠠᠯᠠᠨ᠎ᠠ᠃ ᠡᠯ᠎ᠡ ᠲᠣᠰᠬᠤᠨ ᠠᠯᠢ ᠡᠷᠲᠡ ᠠᠵᠤ ᠠᠬᠤᠶᠢᠯᠠᠯ ᠳᠤ ᠬᠦᠷᠴᠦ ᠲᠠᠷᠢᠶᠠᠴᠢᠨ ᠡᠷᠦᠬᠡ ᠶᠢᠨ ᠳᠠᠷᠢᠵᠤ ᠤᠷᠭᠤᠭᠤᠯᠬᠤ ᠳᠤ ᠬᠡᠷᠡᠭᠰᠡᠬᠦ ᠰᠢᠨ᠎ᠡ ᠰᠣᠷᠭᠤᠭ ᠡᠷᠳᠡᠨᠢ ᠰᠢᠰᠢ ᠶᠢᠨ ᠦᠷ᠎ᠡ ᠪᠣᠯᠤᠨ ᠥᠨᠳᠥᠷ ᠦᠷ᠎ᠡ ᠠᠰᠢᠭᠲᠤ ᠪᠣᠷᠲᠣᠭᠤᠷ ᠢ ᠲᠡᠳᠡᠨ ᠠᠪᠴᠢᠷᠠᠵᠤ᠂ ᠲᠣᠰᠬᠤᠨ ᠤ ᠠᠷᠠᠳ ᠲᠤ ᠷᠠᠳᠢᠣ᠋ ᠨᠡᠪᠲᠡᠷᠡᠭᠦᠯᠭᠡ ᠪᠠᠷ ᠲᠣᠰᠬᠤᠨ ᠤ ᠠᠷᠠᠳ  ᠤᠨ ᠵᠥᠪᠯᠡᠯ ᠳᠤ ᠬᠦᠷᠴᠦ ᠴᠠᠭ ᠲᠤᠬᠠᠶ ᠳᠤᠨᠢ ᠠᠪᠬᠤ ᠶᠢ ᠮᠡᠳᠡᠭᠳᠡᠪᠡ᠃ ᠲᠡᠭᠡᠬᠦ ᠮᠥᠷᠲᠡᠭᠡᠨ ᠮᠡᠷᠭᠡᠵᠢᠯ ᠤᠨ ᠵᠢᠭᠠᠨ ᠵᠢᠯᠣᠭᠤᠳᠣᠭᠴᠢ ᠶᠢᠨ ᠬᠠᠵᠠᠭᠤ ᠳᠤ ᠳᠠᠷᠢᠵᠤ ᠤᠷᠭᠤᠭᠤᠯᠬᠤ ᠵᠢᠭᠠᠨ ᠵᠢᠯᠣᠭᠤᠳᠣᠯᠭ᠎ᠠ ᠬᠢᠵᠦ᠂ ᠲᠣᠰᠬᠤᠨ ᠤ ᠶᠠᠮᠤᠨ  ᠤ ᠬᠦᠷᠢᠶᠡᠨ ᠳᠤ ᠨᠢᠭᠡ ᠤᠭᠤᠲᠠ ᠦᠷ᠎ᠡ ᠪᠠ ᠪᠣᠷᠲᠣᠭᠤᠷ ᠣᠪᠣᠭᠠᠯᠠᠵᠤ᠂ ᠡᠷᠦᠬᠡ ᠨᠢᠭᠡᠪᠦᠷᠢ ᠶᠢᠨ ᠬᠦᠷᠢᠶ᠎ᠡ ᠬᠠᠰᠢᠶ᠎ᠠ  ᠶᠢᠨ ᠠᠵᠤ ᠠᠬᠤᠶ ᠶᠢᠨ ᠡᠷᠦᠬᠡ ᠶᠢ ᠬᠥᠭᠵᠢᠭᠦᠯᠬᠦ ᠬᠦᠰᠡᠯ ᠡᠷᠡᠮᠡᠯᠵᠡᠯ ᠳᠤ ᠰᠠᠭᠤᠷᠢ ᠪᠠᠲᠤᠯᠠᠭ᠎ᠠ ᠬᠠᠩᠭᠠᠨ᠎ᠠ᠃ 5 ᠰᠠᠷ᠎ᠠ ᠶᠢᠨ 9 ᠤ ᠡᠳᠦᠷ ᠪᠣᠯᠲᠠᠯ᠎ᠠ᠂ ᠬᠦᠷᠢᠶ᠎ᠡ ᠬᠠᠰᠢᠶᠠᠨ ᠤ ᠣᠨᠴᠠ ᠭᠠᠷᠤᠯᠲᠠ ᠪᠣᠯᠬᠤ ᠰᠢᠨ᠎ᠡ ᠰᠣᠷᠭᠤᠭ ᠡᠷᠳᠡᠨᠢ ᠰᠢᠰᠢ ᠶᠢᠨ ᠦᠷ᠎ᠡ ᠶᠢ ᠨᠡᠶᠢᠲᠡ 2100 ᠵᠢᠩ᠂ ᠥᠨᠳᠥᠷ ᠪᠦᠲᠦᠮᠵᠢᠲᠡᠶ ᠪᠣᠷᠲᠣᠭᠤᠷ ᠢ ᠨᠡᠶᠢᠲᠡ 95000 ᠵᠢᠩ ᠲᠠᠷᠬᠠᠭᠠᠪᠠ᠃    ᠬᠦᠷᠢᠶ᠎ᠡ ᠬᠠᠰᠢᠶ᠎ᠠ ᠶᠢᠨ ᠲᠥᠷᠥᠯ ᠵᠦᠶᠯ ᠢ ᠪᠠᠶᠠᠯᠢᠭᠵᠢᠭᠤᠯᠵᠤ᠂ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ  ᠳᠤ ᠰᠢᠨ᠎ᠡ ︽ᠡᠩᠬᠦᠷᠡᠶᠢᠯᠡᠯ︾ ᠨᠡᠮᠡᠪᠡ᠃ ᠵᠢᠤ ᠯᠦᠩ ᠰᠢᠶᠠᠩ ᠪᠣᠳᠠᠲᠠᠢ ᠠᠭᠤᠷ ᠠᠮᠢᠰᠬᠤᠯ᠂ ᠬᠥᠷᠥᠰᠥ ᠰᠢᠷᠣᠢ ᠵᠡᠷᠭᠡ ᠨᠥᠬᠦᠴᠡᠯ ᠢᠶᠠᠨ ᠦᠨᠳᠦᠰᠦᠯᠡᠨ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠲᠦᠷᠦᠯ ᠵᠦᠢᠯ ᠢ ᠥᠷᠭᠡᠳᠬᠡᠵᠦ᠂ ᠥᠨᠳᠥᠷ ᠤᠨᠠᠯᠲᠠ ᠲᠠᠢ ᠥᠨᠳᠥᠷ ᠬᠤᠷᠢᠶᠠᠯᠲᠠ ᠲᠠᠢ ᠲᠤᠰ ᠭᠠᠵᠠᠷ ᠤᠨ ᠬᠢᠲᠠᠳ ᠡᠪᠡᠰᠦᠨ ᠡᠮ ᠬᠦᠬᠡ ᠦᠨᠳᠦᠰᠦ ᠲᠠᠷᠢᠬᠤ ᠶᠢ ᠳᠡᠯᠭᠡᠷᠡᠭᠦᠯᠪᠡ᠃ ᠨᠤᠲᠤᠭ ᠤᠨ ᠡᠪᠡᠰᠦᠨ ᠡᠮ ᠤᠨ ᠯᠠᠨ ᠭᠧᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠶ ᠰᠠᠶᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠡᠭᠡ᠃ 5 ᠰᠠᠷ᠎ᠠ ᠶᠢᠨ 9  ᠤ ᠡᠳᠦᠷ᠂ ᠵᠢᠦ ᠯᠦᠩ ᠰᠢᠶᠠᠩ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ ᠢ ᠵᠣᠬᠢᠶᠠᠨ ᠪᠠᠶᠢᠭᠤᠯᠤᠨ ᠡᠷᠦᠬᠡ ᠳᠠᠷᠠᠭᠠᠯᠠᠨ ᠰᠤᠷᠪᠤᠯᠵᠢᠯᠠᠵᠤ᠂ ᠬᠦᠷᠢᠶ᠎ᠡ ᠬᠠᠰᠢᠶᠠᠨ ᠤ ᠬᠥᠬᠡ ᠦᠨᠳᠦᠰᠦ ᠶᠢ ᠤᠬᠠᠭᠤᠯᠤᠨ ᠳᠡᠯᠭᠡᠷᠡᠭᠦᠯᠵᠦ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠵᠤ᠂ ︽ᠵᠠᠬᠢᠶᠠᠯᠠᠭ᠎ᠠ  ᠶᠢᠨ ᠬᠠᠭᠤᠳᠠᠰᠤ ᠶᠢ ᠬᠤᠷᠢᠶᠠᠨ ᠠᠪᠬᠤ︾ ᠵᠠᠭᠪᠤᠷ ᠢ ᠬᠡᠷᠡᠭᠯᠡᠵᠦ᠂ ᠠᠵᠤ ᠠᠬᠤᠶᠢᠯᠠᠯ ᠠᠴᠠ ᠦᠷ᠎ᠡ ᠵᠢᠴᠢ ᠲᠠᠷᠢᠮᠠᠯ  ᠤᠨ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠵᠠᠬ᠎ᠠ ᠳᠡᠯᠭᠡᠭᠦᠷ ᠤᠨ ᠥᠨᠳᠥᠷ ᠦᠨ᠎ᠡ ᠪᠠᠷ ᠬᠤᠷᠢᠶᠠᠨ ᠠᠪᠤᠪᠠ᠃ ᠠᠵᠤ ᠠᠬᠤᠶᠢᠯᠠᠯ ᠠᠴᠠ ᠵᠢᠭᠠᠨ ᠵᠢᠯᠣᠭᠤᠳᠬᠤ ᠪᠠ ᠡᠭᠡᠭᠦᠯᠦᠨ ᠬᠤᠷᠢᠶᠠᠬᠤ ᠶᠢ ᠪᠠᠲᠤᠯᠠᠵᠤ᠂ ᠲᠠᠷᠢᠶᠠᠯᠠᠬᠤ ᠡᠷᠦᠬᠡ  ᠶᠢᠨ ᠬᠦᠷᠢᠶ᠎ᠡ ᠬᠠᠰᠢᠶᠠᠨ ᠤ ᠣᠷᠣᠯᠭ᠎ᠠ ᠪᠠᠨ ᠨᠡᠮᠡᠭᠳᠡᠭᠦᠯᠬᠦ ᠳᠤ ᠰᠠᠭᠤᠷᠢ ᠪᠠᠲᠤᠯᠠᠭ᠎ᠠ ᠬᠠᠩᠭᠠᠨ᠎ᠠ᠃ ᠲᠤᠰ ᠡᠳᠦᠷ᠂ ᠬᠦᠷᠢᠶᠡᠨ ᠳᠤ ᠬᠢᠲᠠᠳ ᠡᠪᠡᠰᠦᠨ ᠡᠮ ᠲᠠᠷᠢᠬᠤ ᠭᠡᠷ᠎ᠡ ᠲᠣᠭᠲᠠᠪᠠ᠃    ᠬᠦᠷᠢᠶ᠎ᠡ ᠬᠠᠰᠢᠶᠠᠨ ᠤ ᠬᠥᠭᠵᠢᠯᠲᠡ ᠳᠤ ᠲᠡᠭᠦᠰᠬᠡᠯ ᠭᠡᠵᠦ ᠪᠠᠶᠢᠬᠤ ᠥᠬᠡᠶ᠂ ᠵᠢᠦ ᠯᠦᠩ ᠰᠢᠶᠠᠩ ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠦᠷᠭᠦᠯᠵᠢᠯᠡᠨ ᠳᠠᠭᠠᠵᠤ᠂ ᠬᠦᠷᠢᠶ᠎ᠡ ᠬᠠᠰᠢᠶᠠᠨ ᠤ ᠣᠨᠴᠠ ᠭᠠᠷᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠶᠯ ᠢ ᠨᠠᠶᠢᠳᠠᠪᠤᠷᠢᠵᠢᠭᠤᠯᠤᠨ ᠴᠡᠴᠡᠭᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号