︽ᠵᠢᠵᠢᠭ ᠬᠦᠷᠢᠶ᠎ᠡ ᠬᠠᠰᠢᠶ᠎ᠠ︾ ᠨᠢ ︽ᠪᠠᠶᠠᠵᠢᠯ ᠤᠨ ᠬᠦᠷᠢᠶᠡᠯᠡᠩ︾ ᠪᠣᠯᠪᠠ
ᠨᠡᠶᠢᠲᠡᠯᠡᠭᠰᠡᠨ ᠴᠠᠭ᠄
2024/5/30
   ᠪᠠᠭ᠎ᠠ ᠳᠦᠭᠦᠷᠡᠩ ᠦᠶ᠎ᠡ ᠳᠤ᠂ ᠠᠭᠠᠷ ᠤᠨ ᠳᠤᠯᠠᠭᠠᠨ ᠳᠡᠭᠡᠭᠰᠢᠯᠡᠵᠦ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠳ᠋ᠦᠩ ᠴᠢᠤᠸᠠᠨ ᠲᠣᠰᠬᠤᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ︽ᠳ᠋ᠦᠩ ᠴᠢᠤᠸᠠᠨ ᠠᠮᠲᠠᠲᠤ ᠬᠡᠮᠬᠡ︾ ᠪᠠᠰᠠ ᠡᠯᠪᠡᠭ ᠬᠤᠷᠢᠶᠠᠯᠲᠠ ᠶᠢᠨ ᠴᠠᠭ ᠮᠥᠴᠡ ᠪᠠᠨ ᠤᠭᠲᠤᠨ᠂ ᠲᠣᠰ ᠭᠠᠵᠠᠷ ᠤᠨ ᠠᠮᠲᠠᠲᠤ ᠬᠡᠮᠬᠡ ᠶᠢ ᠵᠠᠬ᠎ᠠ ᠳᠡᠯᠭᠡᠭᠦᠷ ᠲᠤ ᠭᠠᠷᠭᠠᠪᠠ᠃    ᠲᠦᠴᠢᠦᠸᠠᠨ ᠰᠢᠶᠠᠨ ᠤ ᠲᠦᠷᠦᠯᠵᠢ ᠪᠠᠯᠭᠠᠰᠤᠨ ᠤ ᠳ᠋ᠦᠩ ᠴᠢᠤᠸᠠᠨ ᠲᠣᠰᠬᠤᠨ ᠳᠤ ᠬᠦᠷᠬᠦ ᠳᠤ᠂ ᠱᠠᠳᠤ ᠳᠠᠷᠠᠭᠠᠯᠠᠨ ᠵᠢᠭᠰᠠᠵᠤ ᠪᠠᠶᠢᠭ᠎ᠠ ᠠᠮᠲᠠᠲᠤ ᠬᠡᠮᠬᠡ ᠶᠢᠨ ᠬᠦᠯᠡᠮᠵᠢ ᠬᠠᠷᠠᠭᠳᠠᠨ᠎ᠠ᠃ ᠬᠦᠯᠡᠮᠵᠢ ᠶᠢᠨ ᠳᠣᠲᠣᠷ᠎ᠠ᠂ ᠲᠣᠮᠣᠬᠠᠨ ᠬᠡᠰᠡᠭ ᠲᠠᠢ ᠠᠮᠲᠠᠲᠤ ᠬᠡᠮᠬᠡ ᠨᠦᠭᠦᠳ ᠵᠢᠭᠳᠡᠬᠡᠨ ᠢᠶᠠᠷ ᠨᠣᠪ ᠨᠣᠭᠤᠭᠠᠨ ᠬᠡᠮᠬᠡ ᠶᠢᠨ ᠵᠡᠯ᠎ᠡ ᠳᠡᠭᠡᠷ᠎ᠡ ᠡᠯᠭᠦᠭᠳᠡᠵᠦ᠂ ᠬᠠᠮᠠᠷ ᠴᠣᠷᠭᠢᠮ᠎ᠠ ᠭᠤᠸᠠ ᠶᠢᠨ ᠦᠨᠦᠷ ᠬᠠᠩᠬᠤᠯᠤᠨ᠎ᠠ᠃    ᠳ᠋ᠦᠩ ᠴᠢᠤᠸᠠᠨ ᠠᠮᠲᠠᠲᠤ ᠬᠡᠮᠬᠡ ᠶᠢ ᠳᠠᠷᠢᠭᠠᠳ ᠨᠢᠭᠡᠨᠲᠡ 30 ᠰᠢᠬᠠᠮ ᠵᠢᠯ ᠤᠨ ᠲᠡᠦᠬᠡ ᠲᠠᠢ ᠪᠣᠯᠵᠣ᠂ ᠲᠤᠬᠠᠶ ᠶᠢᠨ ᠭᠠᠵᠠᠷ ᠤᠨ ᠳᠠᠷᠢᠭᠰᠠᠨ ᠠᠮᠲᠠᠲᠤ ᠬᠡᠮᠬᠡ ᠶᠢᠨ ᠲᠥᠷᠥᠯ ᠵᠦᠶᠯ ᠨᠢ ᠡᠯᠡᠰᠦᠷᠬᠡᠭ ᠭᠠᠵᠠᠷ ᠪᠠᠶᠢᠵᠤ᠂ ᠬᠤᠷᠣᠬᠠᠶ ᠶᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠡᠯᠪᠡᠭ ᠪᠠᠶᠠᠯᠢᠭ ᠣᠷᠭᠠᠨᠢᠭ ᠪᠣᠳᠠᠰ ᠠᠭᠤᠯᠳᠠᠭ᠂ ᠠᠳᠡ ᠳᠠᠷᠢᠵᠤ ᠭᠠᠷᠭᠠᠭᠰᠠᠨ ᠠᠮᠲᠠᠲᠤ ᠬᠡᠮᠬᠡ ᠶᠢᠨ ᠠᠮᠲᠠ ᠨᠢ ᠲᠠᠭᠠᠯᠠᠮᠵᠢᠲᠠᠶ᠂ ᠠᠮᠲᠠ ᠰᠠᠶᠢᠲᠠᠶ᠂ ᠰᠢᠮ᠎ᠡ ᠲᠡᠵᠢᠭᠡᠯ ᠡᠯᠪᠡᠭ ᠂ ᠠᠵᠤ ᠠᠬᠤᠶ ᠶᠢᠨ ᠦᠷ᠎ᠡ ᠠᠰᠢᠭ ᠨᠡᠯᠢᠶᠡᠳ ᠥᠨᠳᠥᠷ ᠪᠠᠶᠢᠳᠠᠭ᠃    ︽ᠡᠨᠡ ᠬᠦ ᠡᠭᠦᠯᠳᠡᠷ ᠤᠨ ᠭᠤᠸᠠ ᠪᠣᠯᠪᠠᠰᠤᠷᠠᠬᠤ ᠴᠠᠭ ᠨᠢ ᠣᠬᠤᠷ᠂ ᠵᠢᠮᠢᠰ ᠰᠠᠭᠤᠭᠰᠠᠨ ᠤ 25 ᠠᠴᠠ 35 ᠡᠳᠦᠷ ᠲᠤ ᠳᠠᠷᠤᠶ ᠪᠣᠯᠪᠠᠰᠤᠷᠠᠨ ᠵᠠᠬ᠎ᠠ ᠳᠡᠯᠭᠡᠭᠦᠷ ᠲᠤ ᠭᠠᠷᠴᠤ᠂ ᠤᠨᠠᠯᠲᠠ ᠨᠢ ᠴᠦ ᠨᠡᠯᠢᠶᠡᠳ ᠥᠨᠳᠥᠷ᠂ ᠲᠦᠷᠦᠭᠦᠦ ᠨᠢᠭᠡ ᠡᠭᠡᠯᠵᠢ ᠶᠢᠨ ᠠᠮᠲᠠᠲᠤ ᠬᠡᠮᠬᠡ ᠶᠢᠨ ᠦᠨ᠎ᠡ ᠨᠢ ᠴᠦ ᠨᠡᠯᠢᠶᠡᠳ ᠥᠨᠳᠥᠷ᠂ ᠮᠥ ᠪᠦᠷᠢ ᠶᠢᠨ ᠦᠷ᠎ᠡ ᠠᠰᠢᠭ ᠨᠢ 2 ᠲᠦᠮᠡᠨ ᠲᠥᠭᠦᠷᠢᠭ ᠪᠣᠯᠤᠨ᠎ᠠ᠃︾ ᠭᠡᠵᠦ ᠲᠠᠷᠢᠮᠠᠯ ᠤᠨ ᠡᠷᠦᠬᠡ ᠭᠤᠤ ᠯᠢᠶᠠᠩ ᠯᠢᠶᠠᠩ ᠶᠠᠭ ᠪᠣᠯᠪᠠᠰᠤᠷᠠᠭᠰᠠᠨ ᠠᠮᠲᠠᠲᠤ ᠬᠡᠮᠬᠡ ᠲᠡᠭᠦᠬᠦ ᠪᠠᠷ ᠶᠠᠭᠠᠷᠠᠵᠤ ᠪᠠᠶᠢᠨ᠎ᠠ᠃    ᠣᠶᠢᠷ᠎ᠠ ᠶᠢᠨ ᠬᠤᠶᠠᠷ ᠵᠢᠯ ᠳᠤ᠂ ᠳ᠋ᠦᠩ ᠴᠢᠤᠸᠠᠨ ᠲᠣᠰᠬᠤᠨ ᠬᠦᠶᠲᠡᠨ ᠰᠠᠷᠠᠪᠴᠢ ᠵᠢᠴᠢ ᠵᠠᠳᠠᠭᠠᠶ ᠬᠦᠷᠢᠶ᠎ᠡ ᠬᠠᠰᠢᠶ᠎ᠠ ᠶᠢ ᠣᠯᠠᠨ ᠡᠰᠢᠵᠢᠭᠦᠯᠦᠨ ᠳᠠᠷᠢᠬᠤ ᠠᠷᠭ᠎ᠠ ᠬᠡᠯᠪᠡᠷᠢ ᠶᠢ ᠠᠪᠴᠤ᠂ ᠰᠢᠶᠠᠩᠭᠤᠸᠠ ᠳᠠᠷᠢᠬᠤ ᠠᠵᠤ ᠦᠶᠯᠡᠰ ᠢ ᠬᠦᠴᠦᠯᠡᠨ ᠬᠥᠭᠵᠢᠭᠦᠯᠪᠡ᠃ ᠬᠦᠷᠢᠶ᠎ᠡ ᠬᠠᠰᠢᠶᠠᠨ ᠤ ᠬᠦᠢᠲᠡᠨ ᠫᠧᠩ ᠨᠢ ᠣᠷᠭᠢᠯ ᠦᠶ᠎ᠡ ᠶᠢ ᠵᠥᠷᠢᠭᠦᠯᠦᠨ ᠲᠠᠷᠢᠬᠤ  ᠶᠢ ᠰᠦᠪᠡᠭᠴᠢᠯᠡᠵᠦ᠂ ᠠᠮᠲᠠᠲᠤ ᠬᠡᠮᠬᠡ ᠲᠡᠭᠦᠵᠦ ᠪᠠᠷᠠᠭᠰᠠᠨ ᠤ ᠳᠠᠷᠠᠭ᠎ᠠ ᠳᠠᠬᠢᠨ ᠨᠣᠭᠤᠭ᠎ᠠ ᠲᠠᠷᠢᠵᠤ᠂ ᠨᠢᠭᠡ ᠬᠦᠯᠡᠮᠵᠢ ᠨᠢ ︽ᠵᠢᠯ ᠳᠤ ᠬᠤᠶᠠᠷ ᠬᠤᠷᠢᠶᠠᠬᠤ︾᠂ ᠶᠡᠷᠦᠩᠬᠡᠢ ᠣᠷᠣᠯᠭ᠎ᠠ ᠨᠢ 1 . 35 ᠲᠦᠮᠡᠨ ᠲᠥᠭᠦᠷᠢᠭ ᠲᠤ ᠬᠦᠷᠴᠦ᠂ ᠲᠠᠷᠢᠶᠠᠴᠢᠨ ᠡᠷᠦᠬᠡ ᠶᠢᠨ ᠠᠮᠲᠠᠲᠤ ᠬᠡᠮᠬᠡ ᠶᠢᠨ ᠠᠵᠤ ᠦᠢᠯᠡᠰ ᠢ ᠬᠥᠭᠵᠢᠭᠦᠯᠬᠦ ᠢᠳᠡᠪᠬᠢᠵᠢᠯ ᠢ ᠪᠦᠲᠦᠮᠵᠢᠲᠡᠢ ᠳᠡᠭᠡᠭᠰᠢᠯᠡᠭᠦᠯᠵᠦ᠂ ᠳ᠋ᠦᠩ ᠴᠢᠤᠸᠠᠨ ᠠᠮᠲᠠᠲᠤ ᠬᠡᠮᠬᠡ ᠶᠢᠨ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠠᠭᠤᠷᠢ ᠲᠠᠯᠪᠢᠵᠤ ᠥᠭᠭᠦᠨ᠎ᠡ᠃    ︽ᠳ᠋ᠦᠩ ᠴᠢᠤᠸᠠᠨ ᠰᠢᠶᠠᠩ ᠭᠤᠸᠠ ᠨᠢ ᠨᠢᠭᠡᠨᠲᠡ ᠵᠣᠬᠢᠬᠤ ᠬᠡᠪᠴᠢᠶ᠎ᠡ ᠲᠠᠢ ᠪᠣᠯᠵᠣ᠂ ᠨᠡᠶᠢᠲᠡ 45 ᠲᠠᠷᠢᠮᠠᠯ  ᠤᠨ ᠡᠷᠦᠬᠡ ᠪᠣᠯᠵᠣ᠂ 36 ᠡᠷᠦᠬᠡ ᠬᠦᠷᠢᠶ᠎ᠡ ᠬᠠᠰᠢᠶ᠎ᠠ᠂ ᠨᠡᠶᠢᠲᠡ 113 ᠰᠠᠭᠤᠷᠢ ᠬᠦᠷᠢᠶ᠎ᠡ ᠬᠠᠰᠢᠶ᠎ᠠ ᠶᠢ ᠡᠵᠡᠯᠡᠨ᠂ 100 ᠮᠥ ᠣᠷᠴᠢᠮ ᠲᠠᠯᠠᠪᠠᠶ ᠳᠠᠷᠢᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 11000 ᠲᠥᠭᠦᠷᠢᠭ ᠣᠷᠴᠢᠮ ᠪᠡᠶᠡᠯᠡᠭᠦᠯᠵᠦ ᠴᠢᠳᠠᠨ᠎ᠠ᠃︾ ᠭᠡᠵᠦ ᠲᠦᠴᠢᠦᠸᠠᠨ ᠰᠢᠶᠠᠨ ᠤ ᠵᠡᠭᠦᠨ ᠳ᠋ᠦᠷᠵᠢ ᠪᠠᠯᠭᠠᠰᠤᠨ ᠤ ᠳ᠋ᠦᠩᠴᠢᠤᠸᠠᠨ ᠲᠣᠰᠬᠤᠨ ᠤ ᠵᠥᠪᠯᠡᠯ ᠤᠨ ᠭᠡᠰᠢᠭᠦᠨ ᠪᠢᠶᠠᠨ ᠵᠢᠶᠠ ᠰᠢᠩ ᠲᠠᠨᠢᠯᠴᠠᠭᠤᠯᠪᠠ᠃    ᠲᠦᠴᠢᠦᠸᠠᠨ ᠰᠢᠶᠠᠨ ᠤ ᠬᠢᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠪᠠᠷ ︽ᠮᠢᠩᠭᠠᠨ ᠲᠦᠮᠡ  ᠶᠢᠨ ᠢᠨᠵᠧᠨᠧᠷᠢᠩ︾ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠢᠳᠡᠰᠢᠨ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠴᠡᠴᠡᠷᠯᠢᠭ᠂ ᠵᠤᠭᠠᠴᠠᠯ ᠤᠨ ᠬᠦᠷᠢᠶᠡᠯᠡᠩ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠬᠦᠷᠢᠶᠡᠯᠡᠩ ᠵᠡᠷᠭᠡ ︽ᠲᠠᠪᠤᠨ ᠬᠦᠷᠢᠶᠡᠯᠡᠩ︾ ᠢ ᠬᠠᠮᠲᠤ ᠪᠠᠷ ᠪᠦᠳᠦᠭᠡᠨ ᠪᠠᠶᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠣᠷᠣᠨ ᠪᠦᠰᠡᠵᠢᠭᠰᠡᠨ᠂ ᠤᠨᠴᠠᠯᠢᠬᠵᠢᠭᠰᠠᠨ᠂ ᠠᠵᠤ ᠦᠢᠯᠡᠰᠵᠢᠭᠰᠡᠨ᠂ ᠵᠠᠬᠢᠶᠠᠯᠠᠭ᠎ᠠ ᠶᠢᠨ ᠬᠡᠯᠪᠡᠷᠢᠵᠢᠭᠰᠡᠨ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯᠯᠠᠬᠤ ᠠᠷᠭ᠎ᠠ︾ ᠶᠢ ᠪᠠᠷᠢᠮᠲᠠᠯᠠᠵᠤ᠂ ᠪᠦᠬᠦ ᠰᠢᠶᠠᠨ ᠤ ᠪᠤᠢ ᠪᠦᠬᠦᠢ ᠠᠶᠢᠯ ᠲᠣᠰᠬᠤᠨ ᠳᠤ ᠬᠦᠷᠢᠶ᠎ᠡ ᠬᠠᠰᠢᠶᠠᠨ ᠤ ᠠᠵᠤ ᠠᠬᠤᠢ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠥᠳᠡᠭᠡ ᠲᠣᠰᠬᠤᠨ ᠤ ᠭᠡᠷ ᠪᠦᠯᠢ ᠶᠢᠨ ᠬᠦᠷᠢᠶᠡᠯᠡᠩ ᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ︽ᠪᠠᠶᠠᠵᠢᠯ ᠤᠨ ᠬᠦᠷᠢᠶᠡᠯᠡᠩ︾ ᠪᠣᠯᠭᠠᠨ ᠪᠦᠳᠦᠭᠡᠨ ᠪᠠᠶᠢᠭᠤᠯᠪᠠ᠃    ᠵᠡᠭᠦᠨ ᠳᠥᠷᠥᠯᠵᠢ ᠪᠠᠯᠭᠠᠰᠤᠨ ᠤ ᠮᠢᠩ ᠰᠢᠩ ᠲᠣᠰᠬᠤᠨ ᠤ ᠲᠠᠷᠢᠶᠠᠨ ᠭᠠᠵᠠᠷ᠂ ᠬᠦᠷᠢᠶ᠎ᠡ ᠬᠡᠷᠡᠮ᠂ ᠪᠣᠷᠣ ᠸᠠᠭᠠᠷ ᠢᠶᠠᠷ ᠠᠯᠬᠤᠯᠠᠵᠤ᠂ ᠮᠣᠳᠣᠨ ᠬᠦᠷᠢᠶ᠎ᠡ ᠬᠠᠰᠢᠶᠠᠨ ᠤ ᠡᠭᠦᠳᠡ ᠲᠠᠢ ᠤᠶᠠᠯᠳᠤᠭᠤᠯᠤᠨ᠂ ᠨᠢᠭᠡᠨ ᠰᠢᠨ᠎ᠡ ᠰᠣᠷᠭᠤᠭ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠬᠠᠷᠠᠭᠠᠨ ᠳᠤ ᠲᠣᠳᠣᠷᠠᠨ᠎ᠠ᠃ 2022 ᠣᠨ ᠳᠤ᠂ ᠮᠢᠩ ᠰᠢᠩ ᠲᠣᠰᠬᠤᠨ ᠨᠢ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠲᠦᠷᠦᠯ ᠵᠦᠢᠯ ᠳᠤ ᠲᠦᠰᠢᠭᠯᠡᠵᠦ᠂ ᠮᠢᠩ ᠰᠢᠩ ᠲᠣᠰᠬᠤᠨ ᠤ ᠳ᠋ᠠ ᠮᠧᠩ ᠵᠢᠶᠠ ᠳᠦᠨ ᠤ ᠲᠠᠷᠢᠶᠠᠴᠢᠨ ᠡᠷᠦᠬᠡ ᠶᠢᠨ ᠵᠢᠵᠢᠭ ᠬᠦᠷᠢᠶ᠎ᠡ  ᠶᠢ ᠥᠭᠡᠷᠡᠴᠢᠯᠡᠨ ᠪᠠᠶᠢᠭᠤᠯᠵᠤ᠂ ᠮᠢᠩ ᠰᠢᠩ ᠬᠧ ᠨᠠᠭᠤᠷ ᠤᠨ ᠡᠬᠢ ᠪᠠᠶᠠᠯᠢᠭ ᠲᠤ ᠲᠦᠰᠢᠭᠯᠡᠵᠦ᠂ ︽ᠨᠠᠭᠤᠷ ᠢ ᠲᠣᠰᠬᠤᠨ ᠳᠤ ᠣᠷᠣᠭᠤᠯᠬᠤ᠂ ᠤᠰᠤ ᠶᠢ ᠬᠦᠷᠢᠶᠡᠯᠡᠩ ᠳᠤ ᠣᠷᠣᠭᠤᠯᠬᠤ︾ ᠮᠢᠩ ᠰᠢᠩ ᠬᠦᠷᠢᠶᠡᠨ ᠤ ᠤᠰᠤᠨ ᠰᠢᠰᠲ᠋ᠧᠮ ᠢ ᠪᠠᠶᠢᠭᠤᠯᠵᠤ᠂ ᠬᠦᠷᠢᠶ᠎ᠡ ᠬᠠᠰᠢᠶᠠᠨ ᠤ ᠤᠰᠤᠨ ᠲᠤᠲᠤᠷᠭ᠎ᠠ ᠶᠢᠨ ᠠᠵᠤ ᠦᠢᠯᠡᠰ ᠢ ᠬᠥᠭᠵᠢᠭᠦᠯᠪᠡ᠃    ᠳᠠᠪᠠᠭᠤᠯᠢᠭ ᠢᠶᠠᠨ ᠥᠷᠭᠡᠳᠬᠡᠵᠦ᠂ ᠳᠤᠲᠠᠭᠤᠳᠠᠯ ᠢᠶᠠᠨ ᠨᠥᠬᠦᠪᠥᠷᠢᠯᠡᠬᠦ ᠪᠠᠷ ᠳᠡᠮᠵᠢᠨ᠂ 2024 ᠣᠨ ᠳᠤ᠂ ᠨᠠᠷᠠᠲᠤ ᠲᠣᠰᠬᠤᠨ ᠨᠢ ᠨᠢᠭᠡᠨᠲᠡ ᠬᠦᠷᠢᠶ᠎ᠡ ᠬᠠᠰᠢᠶᠠᠨ ᠤ ᠤᠰᠤᠨ ᠲᠤᠲᠤᠷᠭ᠎ᠠ ᠳᠠᠷᠢᠬᠤ 120 ᠡᠷᠦᠬᠡ 280 ᠮᠥ ᠬᠥᠭᠵᠢᠭᠦᠯᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃ ᠡᠭᠦᠨ ᠤ ᠬᠠᠮᠲᠤ᠂ ᠲᠠᠷᠢᠶᠠᠴᠢᠨ ᠡᠷᠦᠬᠡ ︽ᠬᠤᠷᠰᠢᠶ᠎ᠠ ᠶᠢᠨ ᠦᠨᠳᠦᠰᠦᠨ ᠵᠦᠶᠯ ᠢ ᠪᠠᠲᠤᠯᠠᠬᠤ ᠪᠠ ᠬᠤᠷᠢᠶᠠᠨ ᠠᠪᠬᠤ᠂ ᠪᠠᠭ᠎ᠠ ᠬᠡᠮᠵᠢᠶ᠎ᠡ ᠪᠠᠷ ᠲᠠᠷᠢᠶᠠᠯᠠᠬᠤ ᠲᠤᠲᠤᠷᠭ᠎ᠠ ᠶᠢ ᠲᠠᠨᠢᠵᠤ ᠠᠪᠬᠤ᠂ ᠬᠦᠷᠢᠶ᠎ᠡ ᠬᠠᠰᠢᠶ᠎ᠠ ᠶᠢ ᠲᠠᠨᠢᠵᠤ ᠠᠪᠬᠤ ᠪᠠ ᠲᠦᠷᠢᠶᠡᠰᠦᠯᠡᠨ ᠬᠡᠷᠡᠭᠯᠡᠬᠦ᠂ ᠵᠢᠭᠠᠰᠤᠴᠢᠨ ᠤ ᠪᠠᠶᠠᠰᠤᠯ᠂ ᠲᠤᠲᠤᠷᠭ᠎ᠠ ᠴᠡᠴᠡᠭ ᠵᠢᠭᠠᠰᠤ ᠶᠢᠨ ᠪᠣᠷᠣᠯᠠᠭᠤᠯᠭ᠎ᠠ ᠶᠢ ᠬᠥᠭᠵᠢᠭᠦᠯᠬᠦ︾ ᠲᠠᠪᠤᠨ ᠶᠡᠭᠡ ᠠᠷᠭ᠎ᠠ ᠵᠠᠮ ᠢᠶᠠᠷ ᠳᠠᠮᠵᠢᠭᠤᠯᠤᠨ᠂ ᠣᠷᠣᠯᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ︽ᠪᠠᠭ᠎ᠠ ᠪᠠᠭ᠎ᠠ ᠪᠠᠷ ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ᠂ ᠨᠢᠭᠡ ᠬᠦᠷᠢᠶ᠎ᠡ ᠶᠢ ᠣᠯᠠᠨ ᠬᠡᠷᠡᠭᠯᠡᠵᠦ᠂ ᠨᠢᠭᠡ ᠬᠦᠷᠢᠶ᠎ᠡ ᠶᠢ ᠣᠯᠠᠨ ᠬᠤᠷᠢᠶᠠᠬᠤ︾ ᠰᠠᠶᠢᠨ ᠦᠷ᠎ᠡ ᠠᠰᠢᠭ ᠢ ᠦᠨᠡᠨ ᠬᠦ ᠪᠡᠶᠡᠯᠡᠭᠦᠯᠪᠡ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠤᠳᠤᠨ ᠮᠡᠴᠢᠳ᠂ ᠡᠷᠳᠡᠨᠢ ᠶᠢᠨ ᠴᠢᠯᠠᠭᠤ ᠵᠡᠷᠭᠡ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠳᠤ ᠲᠦᠰᠢᠭᠯᠡᠨ ᠬᠦᠷᠢᠶ᠎ᠡ ᠬᠠᠰᠢᠶ᠎ᠠ ᠶᠢ ᠪᠡᠶᠡᠴᠢᠯᠡᠨ ᠣᠶᠢᠯᠠᠭᠠᠬᠤ ᠵᠤᠭᠠᠴᠠᠯ ᠤᠨ ᠠᠵᠤ ᠠᠬᠤᠢ ᠶᠢ ᠬᠥᠭᠵᠢᠭᠦᠯᠵᠦ᠂ ᠬᠦᠢᠳᠡᠨ ᠰᠠᠷᠠᠪᠴᠢᠨ ᠤ ᠰᠢᠶᠠᠩᠭᠤᠸᠠ᠂ ᠬᠦᠷᠢᠶ᠎ᠡ ᠬᠠᠰᠢᠶ᠎ᠠ ᠶᠢᠨ ᠤᠰᠤᠨ ᠲᠤᠲᠤᠷᠭ᠎ᠠ᠂ ᠱᠤᠤ ᠪᠤᠭᠤ ᠲᠡᠵᠢᠭᠡᠨ ᠦᠷᠡᠵᠢᠭᠦᠯᠬᠦ᠂ ᠠᠷᠠᠳ ᠤᠨ ᠰᠠᠭᠤᠴᠠ ᠶᠢᠨ ᠢᠳᠡᠭᠡᠨ ᠤᠮᠳᠠᠭᠠᠨ  ᠢᠶᠠᠷ ᠭᠤᠣᠯ ᠪᠣᠯᠭᠠᠭᠰᠠᠨ ᠵᠤᠭᠠᠴᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠨᠡᠶᠢᠳᠡ 2500 ᠲᠠᠷᠢᠶᠠᠴᠢᠨ ᠡᠷᠦᠬᠡ ᠶᠢ ᠬᠥᠭᠵᠢᠭᠦᠯᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 6000 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠬᠥᠳᠡᠭᠡ ᠠᠵᠤ ᠠᠬᠤᠢ ᠵᠢᠭᠤᠯᠴᠢᠯᠠᠯ ᠢ ᠠᠭᠤᠰᠤᠯᠴᠠᠭᠤᠯᠬᠤ᠂ ᠬᠥᠳᠡᠭᠡ ᠠᠵᠤ ᠠᠬᠤᠢ ᠵᠢᠭᠤᠯᠴᠢᠯᠠᠯ ᠳᠤ ︽ᠬᠤᠣᠰ ᠠᠮᠵᠢᠯᠲᠠ ᠤᠯᠬᠤ︾ ᠶᠢ ᠪᠡᠶᠡᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号