ᠪᠦᠬᠦ ᠠᠶᠢᠮᠠᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠤᠰᠠᠳᠠ᠂ ᠪᠦᠬᠦ ᠠᠶᠢᠮᠠᠭ ᠤᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ | ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠣᠶᠢᠷ᠎ᠠ ᠳᠤ᠂ ᠬᠢᠩᠭᠠᠨ ᠠᠶᠢᠮᠠᠭ | ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠰᠤᠷᠭᠠᠨ | ᠬᠥᠮᠦᠵᠢᠯ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠪᠥᠬᠦ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠦᠴᠢᠦᠸᠠᠨ ᠰᠢᠶᠠᠨ ᠤ ᠨᠢᠭᠡᠳᠦᠭᠡᠷ | ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠰᠤᠷᠭᠠᠭᠤᠯᠢ ᠶᠢᠨ ᠢᠳᠡᠭᠡᠨ ᠤ ᠠᠷᠢᠭᠤᠨ ᠴᠡᠪᠡᠷ ᠤᠨ ᠠᠮᠤᠷ | ᠲᠦᠪᠰᠢᠨ ᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠮᠢ | ᠨᠠᠰᠤ ᠶᠢ ᠬᠠᠯᠠᠮᠵᠢᠯᠠᠨ ᠬᠠᠶᠢᠷᠠᠯᠠᠵᠤ᠂ ᠢᠳᠡᠭᠡᠨ ᠤ ᠠᠮᠤᠷ ᠲᠦᠪᠰᠢᠨ ᠢ ᠠᠩᠬᠠᠷᠬᠤ︾ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠪᠠ᠃ | ᠢᠳᠡᠭᠡᠨ ᠤ ᠠᠮᠤᠷ ᠲᠦᠪᠰᠢᠨ ᠪᠣᠯ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠪᠣᠯᠤᠨ᠎ᠠ᠂ ᠬᠡᠦᠬᠡᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠠᠷ | ᠪᠠᠷᠠᠬᠤ ᠥᠬᠡᠶ᠂ ᠪᠠᠰᠠ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ | ᠰᠤᠷᠭᠠᠭᠤᠯᠢ ᠶᠢᠨ ᠢᠳᠡᠭᠡᠨ ᠤ ᠬᠤᠤᠷᠳᠠᠯ ᠤᠨ ᠬᠡᠷᠡᠭ ᠢ ᠪᠠᠴᠢᠮ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠥᠷᠨᠢᠭᠦᠯᠪᠡ᠃ ᠠᠪᠤᠷᠠᠨ ᠲᠤᠰᠠᠯᠠᠬᠤ ᠰᠣᠷᠢᠯᠲᠠ ᠨᠢ ᠲᠦᠴᠢᠦᠸᠠᠨ | ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠳᠡᠭᠡᠨ ᠳᠤ ᠬᠤᠤᠷᠳᠠᠭᠳᠠᠬᠤ ᠪᠠᠷ ᠠᠬᠤᠶ | ᠲᠠᠯᠠᠪᠠᠶ ᠪᠣᠯᠭᠠᠵᠤ᠂ ᠠᠳᠡᠯ ᠭᠠᠷᠤᠭᠰᠠᠨ᠂ ᠮᠡᠳᠡᠭᠦᠯᠦᠭᠰᠡᠨ᠂ ᠪᠠᠶᠢᠴᠠᠭᠠᠭᠰᠠᠨ᠂ ᠰᠢᠶᠳᠪᠦᠷᠢᠯᠡᠭᠰᠡᠨ ᠵᠢᠴᠢ | ᠬᠤᠶᠢᠲᠤᠬᠢ ᠶᠠᠪᠤᠳᠠᠯ ᠢ ᠪᠥᠬᠦ ᠲᠠᠯ᠎ᠠ ᠪᠠᠷ ᠢᠯᠡᠷᠡᠭᠦᠯᠵᠦ᠂ ᠰᠢᠶᠳᠪᠦᠷᠢᠯᠡᠬᠦ ᠭᠤᠭᠴᠤᠭ᠎ᠠ ᠨᠢᠭᠡᠪᠦᠷᠢ ᠪᠠ | ᠰᠢᠶᠳᠪᠦᠷᠢᠯᠡᠬᠦ ᠭᠤᠤᠯᠳᠠᠯᠭ᠎ᠠ ᠨᠢᠭᠡᠪᠦᠷᠢ ᠶᠢ ᠦᠨᠡᠨ ᠪᠣᠳᠠᠲᠠᠶ ᠪᠠᠷ ᠦᠵᠡᠭᠦᠯᠵᠦ᠂ ᠰᠤᠷᠭᠠᠭᠤᠯᠢ ᠶᠢᠨ ᠢᠳᠡᠭᠡᠨ ᠤ | ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠪᠡ᠃ | ︽ᠥᠨᠥᠳᠦᠷ ᠤᠨ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠡᠮᠵᠢᠨ | ᠪᠢᠳᠡ ᠮᠠᠰᠢ ᠶᠡᠭᠡ ᠠᠰᠢᠭ ᠭᠥᠷᠳᠡᠭᠰᠡᠨ ᠶᠤᠮ᠃ ᠢᠳᠡᠭᠡᠨ ᠤᠮᠳᠠᠭᠠᠨ ᠠᠮᠤᠷ ᠲᠦᠪᠰᠢᠨ᠂ ᠡᠷᠡᠭᠦᠯ ᠴᠢᠭᠢᠷᠠᠭ ᠢᠶᠠᠷ | ᠦᠰᠦᠨ ᠪᠣᠶᠢᠵᠢᠨ᠎ᠠ᠂ ᠮᠢᠨᠦ ᠦᠵᠡᠬᠦ ᠪᠠᠷ ᠪᠢᠳᠡ ᠡᠩ ᠤᠨ ᠣᠶᠢᠶ᠎ᠠ ᠳᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ | ᠳᠠᠳᠬᠠᠯ ᠲᠠᠢ ᠪᠣᠯᠵᠤ᠂ ᠡᠪᠡᠳᠴᠢᠨ ᠠᠮᠠ ᠠᠴᠠ ᠣᠷᠣᠬᠤ ᠠᠴᠠ ᠰᠡᠷᠭᠡᠶᠢᠯᠡᠬᠦ ᠬᠡᠷᠡᠭᠲᠡᠶ︔ ᠵᠠᠮ ᠤᠨ ᠬᠠᠵᠠᠭᠤ ᠶᠢᠨ | ᠳᠡᠯᠭᠡᠭᠡ ᠮᠠᠶᠢᠮᠠᠶ᠂ ᠭᠤᠷᠪᠠ ᠥᠬᠡᠶ᠂ ᠬᠤᠭᠤᠴᠠᠭ᠎ᠠ ᠨᠢ ᠬᠡᠲᠦᠷᠡᠭᠰᠡᠨ ᠪᠤᠶᠤ ᠴᠢᠨᠠᠷ ᠨᠢ ᠬᠤᠪᠢᠷᠬᠠᠰᠠᠨ ᠢᠳᠡᠭᠡᠨ ᠢ | ᠢᠳᠡᠬᠦ ᠥᠬᠡᠶ᠂ ᠰᠠᠶᠢᠨ ᠰᠠᠶᠢᠬᠠᠨ ᠡᠷᠡᠭᠦᠯ ᠰᠠᠷᠠᠭᠤᠯ ᠢᠳᠡᠭᠡᠨ ᠤᠮᠳᠠᠭᠠᠨ ᠤ ᠦᠵᠡᠯᠲᠡ ᠶᠢ ᠪᠣᠶ ᠪᠣᠯᠭᠠᠵᠤ᠂ ᠪᠡᠶ᠎ᠡ | ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠶ ᠣᠷᠣᠯᠴᠠᠵᠤ᠂ ᠨᠢᠭᠡᠨ ᠪᠠᠶᠠᠷ ᠬᠥᠷ ᠲᠠᠢ ᠡᠷᠡᠭᠦᠯ ᠢᠶᠠᠷ ᠦᠰᠦᠨ | ᠪᠣᠶᠢᠵᠢᠭᠰᠠᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠤᠨ᠎ᠠ᠃ ᠰᠤᠷᠤᠭᠴᠢ ᠮᠠᠳᠠᠨᠨᠢ ᠬᠡᠯᠡᠪᠡ᠃ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠠᠴᠠ ᠭᠠᠳᠠᠨ᠎ᠠ᠂ ᠥᠷᠭᠡᠨ ᠣᠯᠠᠨ ᠪᠠᠭᠰᠢ ᠰᠤᠷᠤᠭᠴᠢᠳ | ᠪᠠᠰᠠ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠢ ᠲᠣᠭᠤᠷᠢᠨ ᠦᠵᠡᠬᠦ᠂ ᠰᠤᠷᠭᠠᠭᠤᠯᠢ ᠶᠢᠨ ᠬᠦᠷᠢᠶᠡᠨ ᠤ | ᠬᠤᠭᠤᠯᠠᠨ ᠭᠡᠷ ᠤᠨ ᠬᠠᠮᠢᠶᠠᠷᠤᠯᠲᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠭᠦᠨᠵᠡᠭᠡᠶ ᠣᠶᠢᠯᠠᠭᠠᠪᠠ᠃ ᠰᠤᠷᠭᠠᠭᠤᠯᠢ | ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ | ᠥᠷᠨᠢᠭᠦᠯᠦᠭᠰᠡᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ | ᠤᠬᠠᠮᠰᠠᠷ ᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠡᠨᠡᠳᠲᠡ | ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠ ᠵᠣᠬᠢᠶᠠᠨ ᠪᠠᠶᠢᠭᠤᠯᠤᠨ | ᠵᠣᠬᠢᠴᠠᠭᠤᠯᠬᠤ ᠴᠢᠳᠠᠪᠤᠷᠢ ᠶᠢ ᠴᠢᠩᠭᠠᠷᠠᠭᠤᠯᠵᠤ᠂ ᠰᠤᠷᠭᠠᠭᠤᠯᠢ ᠶᠢ ᠡᠷᠲᠡ ᠢᠯᠡᠷᠡᠭᠦᠯᠬᠦ᠂ ᠡᠷᠲᠡ ᠡᠵᠡᠮᠳᠡᠬᠦ᠂ ᠡᠷᠲᠡ | ᠮᠡᠳᠡᠭᠦᠯᠬᠦ᠂ ᠡᠷᠲᠡ ᠡᠮᠨᠡᠨ ᠵᠠᠰᠠᠬᠤ᠂ ᠡᠷᠲᠡ ᠬᠠᠷᠢᠭᠤ ᠲᠤᠰᠬᠠᠬᠤ ᠶᠢ ᠭᠦᠶᠴᠡᠳᠬᠡᠨ᠂ ᠰᠤᠷᠭᠠᠭᠤᠯᠢ ᠶᠢᠨ ᠬᠦᠷᠢᠶᠡᠨ | ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠶᠢ ᠰᠡᠷᠡᠮᠵᠢᠯᠡᠭᠦᠯᠬᠦ | ᠪᠣᠯᠤᠨ᠎ᠠ᠃ | ︽ᠢᠳᠡᠭᠡᠨ ᠤ ᠠᠮᠤᠷ ᠲᠦᠪᠰᠢᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠮᠠᠨ ᠤ | ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠳᠤ ᠰᠡᠷᠡᠮᠵᠢ ᠶᠢᠨ ᠳᠣᠬᠢᠶ᠎ᠠ ᠥᠭᠴᠡᠶ᠂ ᠬᠤᠶᠢᠰᠢᠳᠠ ᠪᠢᠳᠡ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠪᠣᠳᠠᠲᠠᠶᠢᠵᠢᠭᠤᠯᠵᠤ᠂ ᠬᠤᠭᠤᠯᠠᠨ ᠬᠡᠷ ᠤᠨ | ᠵᠢᠷᠤᠮᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠲᠠᠰᠤᠷᠠᠯᠲᠠ ᠥᠬᠡᠶ | ᠴᠢᠩᠭᠠᠳᠬᠠᠵᠤ᠂ ᠣᠷᠣᠰᠢᠵᠤ ᠮᠡᠳᠡᠬᠦ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠪᠠᠭᠰᠢ ᠰᠤᠷᠤᠭᠴᠢᠳ ᠤᠨ | ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃︾ ᠭᠡᠵᠦ ᠲᠦᠴᠢᠦᠸᠠᠨ ᠰᠢᠶᠠᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠢ ᠶᠠᠪᠤᠳᠠᠯ ᠤᠨ ᠭᠠᠵᠠᠷ ᠤᠨ ᠡᠷᠬᠢᠯᠡᠭᠴᠢ ᠯᠢᠦ ᠰᠢᠤᠸᠠᠢ ᠵᠦ | ᠬᠡᠯᠡᠪᠡ᠃ |