ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠨᠢ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠬᠦᠴᠦᠲᠡᠢ ᠰᠡᠷᠭᠦᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/31
   5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠥᠯᠭᠡ ᠣᠩᠭᠤᠴᠠ ᠪᠠᠷ ᠳᠤᠮᠳᠠᠳᠤ ᠤᠯᠤᠰ ᠲᠤ ᠢᠷᠡᠵᠦ᠂ ᠬᠢᠯᠢ ᠶᠢᠨ ᠳᠣᠲᠣᠷᠠᠬᠢ ᠵᠢᠭᠤᠯᠴᠢᠯᠠᠯ ᠤᠨ ᠭᠠᠵᠠᠷ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ︵2 ᠬᠥᠮᠥᠨ ᠵᠢᠴᠢ ᠲᠡᠭᠦᠨ ᠠᠴᠠ ᠳᠡᠭᠡᠭᠰᠢ ︶ ᠨᠢ ᠲᠢᠶᠠᠨᠵᠢᠨ᠂ ᠳ᠋ᠠᠯᠢᠶᠠᠨ᠂ ᠱᠠᠩᠬᠠᠢ᠂ ᠴᠢᠩᠳᠣᠣ ᠵᠡᠷᠭᠡ 13 ᠬᠤᠳᠠ ᠶᠢᠨ ᠬᠥᠯᠭᠡ ᠣᠩᠭᠤᠴᠠᠨ ᠤ ᠪᠣᠭᠤᠮᠲᠠ ᠪᠠᠷ ᠸᠢᠰᠠ ᠬᠡᠷᠡᠭᠰᠡᠬᠦ ᠦᠭᠡᠢ ᠪᠠᠷ ᠪᠦᠬᠦᠯᠢ ᠪᠦᠯᠬᠦᠮ ᠢᠶᠠᠷ ᠢᠶᠠᠨ ᠬᠢᠯᠢ ᠳᠤ ᠣᠷᠣᠵᠤ ᠪᠣᠯᠣᠨ᠎ᠠ᠂ ᠳᠤᠮᠳᠠᠳᠤ ᠤᠯᠤᠰ ᠤᠨ ᠬᠢᠯᠢ ᠳᠣᠲᠣᠷ᠎ᠠ 15 ᠡᠳᠦᠷ ᠠᠴᠠ ᠢᠯᠡᠭᠦᠦ ᠰᠠᠭᠠᠲᠠᠵᠤ ᠪᠣᠯᠬᠤ ᠦᠭᠡᠢ᠃     ᠪᠥᠬᠦ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠦᠴᠦᠨ ᠮᠡᠬᠦᠰᠳᠡᠵᠦ᠂ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠳᠤ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠭᠡᠭᠡᠯᠲᠡ ᠬᠢᠬᠦ᠂ ᠬᠠᠮᠲᠤᠷᠠᠯᠴᠠᠬᠤ᠂ ᠬᠠᠮᠲᠤ ᠪᠠᠷ ᠠᠰᠢᠭ ᠭᠥᠷᠳᠡᠬᠦ ᠢᠳᠡᠪᠬᠢᠲᠡᠢ ᠳᠣᠬᠢᠶ᠎ᠠ ᠶᠢ ᠳᠠᠮᠵᠢᠭᠤᠯᠵᠤ ᠪᠠᠶᠢᠨ᠎ᠠ᠃ ᠸᠢᠰᠠ ᠠᠴᠠ ᠬᠡᠯᠲᠦᠷᠢᠭᠦᠯᠬᠦ ᠭᠡᠳᠡᠭ ᠨᠢ ᠦᠵᠡᠬᠦ ᠳᠤ ᠵᠦᠪᠬᠡᠨ ᠵᠠᠰᠠᠭ ᠵᠠᠬᠢᠷᠭᠠᠨ ᠤ ᠭᠠᠷ ᠭᠦᠢᠴᠡᠳᠬᠡᠯ ᠢ ᠳᠥᠭᠦᠮᠴᠢᠯᠡᠭᠰᠡᠨ ᠰᠢᠭ᠂ ︽ᠪᠠᠭ᠎ᠠ ᠭᠠᠷᠳᠠᠴᠠ ︾ ᠪᠣᠯᠬᠤ ᠪᠣᠯᠪᠠᠴᠤ ︽ᠶᠡᠭᠡ ᠡᠨᠧᠷᠭᠢ ︾ ᠠᠭᠤᠯᠤᠭᠳᠠᠵᠤ ᠪᠠᠶᠢᠳᠠᠭ᠃ ᠲᠡᠷᠡ ᠨᠢ ᠮᠠᠨ ᠤ ᠤᠯᠤᠰ ᠤᠨ ᠬᠥᠯᠭᠡ ᠣᠩᠭᠤᠴᠠᠨ ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠥᠷᠲᠡᠭᠡᠨ ᠪᠠᠰᠠ ᠳᠤᠮᠳᠠᠳᠤ ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠵᠤ᠂ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠬᠦ ᠳᠤ ᠠᠰᠢᠭᠲᠠᠢ ᠶᠤᠮ᠃    ᠬᠥᠯᠭᠡ ᠣᠩᠭᠤᠴᠠᠨ ᠤ ᠵᠢᠭᠤᠯᠴᠢᠯᠠᠯ ᠨᠢ ︽ᠳᠠᠯᠠᠢ ᠳᠡᠭᠡᠷᠡᠬᠢ ᠰᠢᠵᠢᠷ ᠠᠯᠲᠠᠨ ᠠᠵᠤ ᠦᠢᠯᠡᠰ ︾ ᠬᠡᠮᠡᠭᠳᠡᠵᠦ᠂ ᠬᠤᠨᠤᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠬᠡᠷᠡᠭᠴᠡᠭᠡ ᠵᠢᠴᠢ ᠭᠠᠷᠠᠮ ᠤᠨ ᠦᠢᠯᠡᠴᠢᠯᠡᠭᠡ᠂ ᠣᠩᠭᠤᠴᠠ ᠰᠠᠯ ᠤᠨ ᠰᠡᠯᠪᠢᠨ ᠵᠠᠰᠠᠯᠲᠠ ᠵᠡᠷᠭᠡ ᠠᠵᠤ ᠦᠢᠯᠡᠰ ᠤᠨ ᠬᠡᠷᠡᠭᠴᠡᠭᠡ ᠶᠢ ᠬᠠᠮᠤᠷᠴᠤ᠂ ᠡᠬᠡ ᠭᠠᠷᠠᠮ ᠤᠨ ᠬᠤᠲᠠ ᠳᠤ ᠲᠦᠢᠯ ᠤᠨ ᠴᠢᠩᠭ᠎ᠠ ᠠᠵᠤ ᠠᠬᠤᠢ ᠶᠢᠨ ᠳᠠᠶᠢᠴᠢᠯᠠᠬᠤ ᠦᠢᠯᠡᠳᠦᠯ ᠲᠠᠢ ᠶᠤᠮ᠃ ᠣᠶᠢᠷ᠎ᠠ ᠶᠢᠨ 10 ᠵᠢᠯ ᠤᠨ ᠲᠤᠷᠰᠢ᠂ ᠣᠯᠠᠨ ᠤᠯᠤᠰ ᠤᠨ ᠬᠥᠯᠭᠡ ᠣᠩᠭᠤᠴᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠵᠢᠯ ᠳᠤᠮᠳᠠᠴᠢ ᠪᠠᠷ 6% ᠠᠴᠠ 8% ᠶᠢᠨ ᠨᠡᠮᠡᠭᠳᠡᠯ ᠤᠨ ᠬᠤᠷᠳᠤᠴᠠ ᠪᠠᠨ ᠪᠠᠲᠤᠯᠠᠭᠰᠠᠭᠠᠷ ᠢᠷᠡᠵᠡᠶ᠃ ᠭᠡᠲᠡᠯ᠎ᠡ ᠥᠩᠭᠡᠷᠡᠭᠰᠡᠨ ᠳᠤ ᠲᠢᠶᠠᠨᠵᠢᠨ᠂ ᠱᠠᠩᠬᠠᠢ ᠮᠡᠲᠦ ᠶᠢᠨ ᠬᠡᠪᠴᠢᠶ᠎ᠡ ᠪᠠᠷ ᠨᠡᠯᠢᠶᠡᠳ ᠶᠡᠭᠡ ᠬᠥᠯᠭᠡ ᠣᠩᠭᠤᠴᠠᠨ ᠤ ᠡᠬᠡ ᠭᠠᠷᠠᠮ ᠠᠴᠠ ᠭᠠᠳᠠᠨ᠎ᠠ᠂ ᠬᠡᠪᠴᠢᠶ᠎ᠡ ᠪᠠᠷ ᠨᠡᠯᠢᠶᠡᠳ ᠪᠠᠭ᠎ᠠ ᠬᠥᠯᠭᠡ ᠣᠩᠭᠤᠴᠠᠨ ᠤ ᠵᠠᠷᠢᠮ ᠡᠬᠡ ᠭᠠᠷᠠᠮ ᠨᠢ ᠲᠣᠮᠣ ᠬᠡᠯᠪᠡᠷᠢ ᠶᠢᠨ ᠣᠯᠠᠨ ᠤᠯᠤᠰ ᠤᠨ ᠬᠥᠯᠭᠡ ᠣᠩᠭᠤᠴᠠᠨ ᠤ ᠬᠢᠯᠢ ᠪᠠᠷ ᠣᠷᠣᠵᠤ ᠵᠣᠭᠰᠣᠬᠤ ᠭᠠᠷᠠᠮ ᠪᠣᠯᠵᠤ ᠳᠡᠶᠢᠯᠬᠦ ᠦᠭᠡᠢ ᠪᠠᠶᠢᠵᠤ᠂ ᠵᠣᠭᠰᠣᠭᠰᠠᠨ ᠴᠤ ᠴᠠᠭ ᠨᠢ ᠨᠡᠯᠢᠶᠡᠳ ᠣᠬᠤᠷ ᠪᠠᠶᠢᠳᠠᠭ᠃ ᠵᠢᠱᠢᠶᠡᠯᠡᠪᠡᠯ ᠭᠠᠷᠠᠮ ᠳᠤ ᠣᠷᠣᠬᠤ ᠬᠥᠯᠭᠡ ᠣᠩᠭᠤᠴᠠᠨ ᠤ ᠴᠢᠩᠳᠣᠣ ᠳᠤ ᠵᠣᠭᠰᠣᠬᠤ ᠴᠠᠭ ᠨᠢ ᠳᠤᠮᠳᠠᠴᠢ ᠪᠠᠷ 1 ᠯᠡ ᠡᠳᠦᠷ ᠶᠤᠮ᠃ ᠡᠨᠡ ᠤᠳᠠᠭ᠎ᠠ ᠮᠠᠨ ᠤ ᠤᠯᠤᠰ ᠤᠨ ᠲᠡᠯᠡᠶ ᠳᠠᠭᠠᠤ ᠣᠷᠣᠨ ᠳᠤ ᠬᠥᠯᠭᠡ ᠣᠩᠭᠤᠴᠠᠨ ᠤ ᠵᠢᠭᠤᠯᠴᠢᠯᠠᠯ ᠤᠨ ᠪᠦᠯᠬᠦᠮ ᠤᠨ ᠬᠢᠯᠢ ᠪᠠᠷ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠨᠢ ᠤᠯᠠᠮ ᠠᠴᠠ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ ᠢᠷᠡᠵᠦ ᠶᠣᠰᠣ ᠵᠠᠩᠰᠢᠯ ᠢ ᠣᠶᠢᠯᠠᠭᠠᠨ ᠮᠡᠳᠡᠷᠡᠬᠦ ᠳᠤ ᠳᠦᠭᠦᠮᠯᠡᠵᠦ᠂ ᠮᠠᠨ ᠤ ᠤᠯᠤᠰ ᠤᠨ ᠲᠡᠯᠡᠶ ᠳᠠᠭᠠᠤ ᠮᠤᠵᠢ ᠶᠢᠨ ᠬᠥᠯᠭᠡ ᠣᠩᠭᠤᠴᠠᠨ ᠤ ᠠᠵᠤ ᠠᠬᠤᠢ ᠶᠢᠨ ᠡᠷᠴᠢᠮᠯᠢᠭ᠌ ᠬᠥᠭᠵᠢᠯᠲᠡ ᠶᠢ ᠠᠬᠢᠭᠤᠯᠬᠤ ᠪᠣᠯᠣᠨ᠎ᠠ᠃    ᠸᠢᠰᠠ ᠠᠴᠠ ᠬᠡᠯᠲᠦᠷᠢᠭᠦᠯᠬᠦ ᠪᠣᠯ ᠪᠠᠰᠠ ᠴᠤ ᠳᠡᠯᠡᠬᠡᠶᠢᠴᠢᠯᠡᠬᠦ ᠵᠣᠷᠢᠭ ᠰᠠᠨᠠᠭᠠᠨ ᠤ ᠪᠣᠳᠠᠲᠠᠢ ᠢᠯᠡᠷᠡᠯ ᠮᠥᠨ᠃ ᠬᠡᠳᠦᠢ ᠪᠠᠷ ᠣᠳᠣᠬᠠᠨ ᠳᠤ ︽ᠰᠥᠷᠭᠡᠦ ᠳᠡᠯᠡᠬᠡᠶᠢᠵᠢᠯ ︾ ᠤᠨ ᠳᠠᠯᠳᠠ ᠤᠷᠤᠰᠬᠠᠯ ᠪᠣᠯᠵᠤ ᠪᠠᠶᠢᠭ᠎ᠠ ᠪᠣᠯᠪᠠᠴᠤ᠂ ᠳᠡᠯᠡᠬᠡᠢ ᠶᠢᠨ ᠪᠥᠮᠪᠥᠷᠴᠡᠭ ᠲᠣᠰᠬᠤᠨ ᠤ ︽ᠢᠷᠭᠡᠨ ︾ ᠪᠣᠯᠤᠭᠰᠠᠨ ᠤ ᠬᠤᠪᠢ ᠳᠤ᠂ ︽ᠦᠷᠭᠦᠯᠵᠢ ᠭᠠᠳᠠᠭᠰᠢ ᠭᠠᠷᠴᠤ ᠦᠵᠡᠬᠦ ︾ ᠨᠢ ᠨᠢᠭᠡᠨᠲᠡ ᠨᠢᠭᠡ ᠵᠦᠢᠯ ᠤᠨ ᠠᠮᠢᠳᠤᠷᠠᠯ ᠤᠨ ᠬᠡᠷᠡᠭᠴᠡᠭᠡ ᠪᠣᠯᠤᠭᠰᠠᠨ ᠪᠠᠶᠢᠨ᠎ᠠ᠃ ᠪᠠᠶᠢᠩᠭᠤ ᠶᠠᠪᠤᠯᠴᠠᠬᠤ ᠳᠤᠮᠳᠠ ᠪᠠᠨ᠂ ᠬᠤᠭᠤᠷᠣ ᠬᠤᠭᠤᠷᠣᠨᠳᠤ ᠪᠠᠨ ᠢᠲᠡᠭᠡᠯᠴᠡᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠦᠨ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ᠃ ᠨᠢᠳᠤᠨᠤᠨ ᠠᠴᠠ ᠨᠠᠭᠠᠰᠢ᠂ ᠮᠠᠨ ᠤ ᠤᠯᠤᠰ ᠳᠤᠮᠳᠠᠳᠤ ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠲᠤ ᠢᠷᠡᠵᠦ ᠰᠤᠷᠤᠯᠴᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠬᠦ᠂ ᠬᠡᠰᠡᠭ ᠤᠯᠤᠰ ᠲᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠸᠢᠰᠠ ᠶᠢᠨ ᠲᠥᠷᠥ ᠶᠢᠨ ᠪᠣᠳᠣᠯᠭ᠎ᠠ ᠨᠤᠭᠤᠳ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠶᠤᠮ᠃    ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠬᠦ ᠨᠢ ᠨᠡᠮᠡᠭᠳᠡᠵᠦ᠂ ᠤᠯᠠᠮ ᠠᠴᠠ ᠣᠯᠠᠨ ᠤᠯᠤᠰ ᠤᠨ ᠬᠦᠮᠦᠰ ᠳᠤᠮᠳᠠᠳᠤ ᠤᠯᠤᠰ ᠢ ᠨᠡᠩ ᠪᠦᠬᠦ ᠲᠠᠯ᠎ᠠ ᠪᠠᠷ᠂ ᠭᠦᠨᠵᠡᠭᠡᠢ ᠣᠶᠢᠯᠠᠭᠠᠵᠤ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠭᠠᠳᠠᠭᠠᠳᠤ ᠶᠢᠨ ᠬᠦᠮᠦᠰ ᠤᠨ ᠳᠤᠮᠳᠠᠳᠤ ᠤᠯᠤᠰ ᠲᠤ ᠢᠷᠡᠭᠰᠡᠨ ᠲᠤᠭ᠎ᠠ 2023 ᠣᠨ ᠤ ᠠᠳᠠᠯᠢ ᠬᠤᠭᠤᠴᠠᠭᠠᠨ ᠤ ᠬᠢ ᠠᠴᠠ 3 ᠲᠠᠬᠢᠨ ᠢᠯᠡᠭᠦᠦ ᠨᠡᠮᠡᠭᠳᠡᠵᠦ᠂ ᠮᠠᠨ ᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ᠎ᠠ 1.2 ᠲᠦᠮᠡ ᠳᠤ ᠬᠦᠷᠴᠡᠢ᠃ ᠨᠡᠭᠡᠭᠡᠯᠲᠡ ᠲᠠᠢ ᠠᠰᠢᠭᠲᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠳᠡᠯᠡᠬᠡᠢ ᠳ᠋ᠠᠬᠢᠨ ᠢ ᠬᠦᠷᠢᠶᠡᠯᠡᠵᠦ ᠪᠠᠶᠢᠭ᠎ᠠ ᠦᠨᠡᠨᠴᠢ ᠰᠡᠳᠬᠢᠯ ᠢ ᠬᠠᠷᠠᠭᠤᠯᠵᠤ᠂ ᠭᠠᠳᠠᠭᠠᠳᠤ ᠶᠢᠨ ᠬᠤᠳᠠᠯᠳᠤᠭᠠᠴᠢᠳ ᠤᠨ ᠳᠤᠮᠳᠠᠳᠤ ᠤᠯᠤᠰ ᠲᠤ ᠢᠷᠡᠬᠦ ᠢᠲᠡᠭᠡᠯ ᠢ ᠨᠡᠮᠡᠭᠳᠡᠭᠦᠯᠦᠭᠰᠡᠨ ᠶᠤᠮ᠃ ᠲᠦᠷᠦᠭᠦᠬᠡᠨ᠂ ᠳᠡᠯᠡᠬᠡᠢ ᠶᠢᠨ ᠨᠠᠷᠠᠲᠤ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ ᠪᠣᠯᠬᠤ ᠺᠣᠷᠨᠢ ᠺᠣᠮᠫᠠᠨᠢ ᠶᠢᠨ ᠨᠡᠶᠢᠲᠡᠯᠡᠭᠰᠡᠨ 2024 ᠣᠨ ᠤ ᠪᠥᠬᠦ ᠳᠡᠯᠡᠬᠡᠢ ᠶᠢᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ ᠢᠲᠡᠭᠡᠯ ᠤᠨ ᠢᠯᠡᠳᠬᠡᠭᠴᠢ ᠶᠢᠨ ᠮᠡᠳᠡᠭᠦᠯᠦᠯᠲᠡ ᠳᠤ᠂ ᠮᠠᠨ ᠤ ᠤᠯᠤᠰ ᠢ ᠨᠢᠳᠤᠨᠤᠨ ᠳᠣᠯᠣᠳᠤᠭᠠᠷ ᠲᠤ ᠵᠢᠭᠰᠠᠭᠠᠵᠤ ᠪᠠᠶᠢᠭᠰᠠᠨ ᠠᠴᠠ ᠪᠠᠨ ᠥᠨᠥ ᠭᠤᠷᠪᠠᠳᠤᠭᠠᠷ ᠲᠤ ᠵᠢᠭᠰᠠᠭᠠᠬᠤ ᠪᠠᠷ ᠪᠠᠶᠢᠨ᠎ᠠ᠃    ᠭᠡᠪᠡᠴᠦ᠂ ᠬᠢᠯᠢ ᠪᠠᠷ ᠣᠷᠣᠵᠤ ᠵᠢᠭᠤᠯᠴᠢᠯᠠᠬᠤ ᠬᠥᠮᠥᠨ ᠤ ᠲᠤᠭ᠎ᠠ ᠣᠯᠠᠰᠢᠷᠠᠭᠰᠠᠨ ᠨᠢ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠶᠢᠨ ᠵᠡᠷᠭᠡ ᠳᠤ ᠪᠠᠰᠠ ᠬᠤᠲᠠ ᠶᠢᠨ ᠬᠠᠮᠢᠶᠠᠷᠤᠯᠲᠠ ᠦᠢᠯᠡᠴᠢᠯᠡᠭᠡ ᠳᠤ ᠥᠷᠢᠰᠦᠯᠳᠦᠭᠡᠨ ᠤᠴᠠᠷᠠᠭᠤᠯᠵᠤ ᠪᠠᠶᠢᠨ᠎ᠠ᠃ ᠳᠠᠷᠠᠭᠠᠴᠢ ᠪᠠᠷ᠂ ᠲᠦᠭᠵᠢᠷᠡᠯ ᠬᠦᠴᠢᠷᠳᠡᠯ ᠢ ᠡᠮᠬᠢᠯᠡᠨ ᠡᠷᠢᠵᠦ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠶᠢᠨ ᠵᠢᠭᠤᠯᠴᠢᠯᠠᠭᠰᠠᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠢ ᠨᠡᠩ ᠤᠷᠤᠭᠰᠢᠲᠠᠢ᠂ ᠲᠠᠭᠠᠯᠠᠮᠵᠢᠲᠠᠢ ᠪᠣᠯᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号