ᠲᠦᠴᠢᠦᠸᠠᠨ ᠰᠢᠶᠠᠨ ︽ᠪᠠᠭᠠᠴᠤᠳ ᠤᠨ ᠬᠤᠰᠢᠭᠤᠴᠢ︾ ᠺᠢᠨᠣ᠋ ᠰᠣᠨᠢᠷᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/31
   ᠰᠢᠯᠢᠳᠡᠭ ᠺᠢᠨᠣ᠋ ᠶᠢᠨ ᠬᠥᠮᠦᠨ ᠬᠥᠮᠦᠵᠢᠭᠦᠯᠬᠦ ᠦᠶᠯᠡᠳᠦᠯ ᠢ ᠭᠦᠶᠴᠡᠳ ᠪᠠᠳᠠᠷᠠᠭᠤᠯᠵᠤ᠂ ᠵᠠᠯᠠᠭᠤ ᠪᠠᠭ᠎ᠠ ᠰᠤᠷᠤᠭᠴᠢᠳ ᠤᠨ ᠰᠠᠨᠠᠭᠠᠰᠢᠷᠠᠨ ᠵᠣᠪᠠᠨᠢᠬᠤ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡᠯᠡᠯ ᠢ ᠲᠠᠰᠤᠷᠠᠯᠲᠠ ᠥᠬᠡᠶ ᠴᠢᠩᠭᠠᠷᠠᠭᠤᠯᠵᠤ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠃ 5 ᠰᠠᠷ᠎ᠠ ᠶᠢᠨ 27 ᠤ ᠡᠳᠦᠷ᠂ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ 80 ᠭᠠᠷᠤᠶ ᠰᠤᠷᠤᠭᠴᠢᠳ ︽ᠪᠠᠭᠠᠴᠤᠳ ᠤᠨ ᠬᠤᠰᠢᠭᠤᠴᠢ︾ ᠺᠢᠨᠣ᠋ ᠰᠣᠨᠢᠷᠬᠠᠬᠤ ᠠᠵᠢᠯᠯᠠᠭ᠎ᠠ ᠳᠤ ᠣᠷᠣᠯᠴᠠᠪᠠ᠃    ᠺᠢᠨᠣ᠋ ᠦᠵᠡᠬᠦ ᠶᠠᠪᠤᠴᠠ ᠳᠤ᠂ ᠬᠠᠮᠲᠤ ᠰᠤᠷᠤᠭᠴᠢᠳ ᠺᠢᠨᠣ᠋ ᠳᠠᠬᠢ ᠪᠠᠭᠠᠴᠤᠤᠯ ᠤᠨ ᠡᠷᠡᠯᠬᠡᠭ ᠪᠠᠭᠠᠲᠤᠷᠯᠢᠭ ᠪᠠ ᠡᠷᠡᠰ ᠬᠠᠲᠠᠭᠤ ᠳᠤ ᠰᠡᠳᠬᠢᠯ ᠳᠣᠭᠳᠣᠯᠵᠤ᠂ ᠺᠢᠨᠣ᠋ ᠶᠢᠨ ᠳᠦᠷᠢ ᠶᠢᠨ ᠬᠤᠪᠢ ᠵᠠᠶᠠᠭ᠎ᠠ ᠳᠤ ᠴᠤᠤᠷᠢᠶ᠎ᠠ ᠭᠠᠷᠪᠠ᠃ ᠺᠢᠨᠣ᠋ ᠨᠢ ᠬᠡᠦᠬᠡᠳ ᠲᠤ ᠳᠠᠢᠨ ᠤ ᠭᠠᠯ ᠳᠦᠷᠡᠯᠵᠡᠭᠰᠡᠨ ᠴᠠᠭ ᠦᠶ᠎ᠡ ᠶᠢᠨ ᠬᠠᠲᠠᠭᠤ ᠪᠡᠷᠬᠡᠰᠢᠶᠡᠯ ᠪᠠ ᠬᠠᠷᠭᠢᠰ ᠬᠡᠷᠴᠡᠭᠡᠶ ᠶᠢ ᠭᠦᠨᠵᠡᠭᠡᠶ ᠣᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠲᠡᠳᠡᠨ ᠳᠤ ᠣᠳᠣ ᠶᠢᠨ ᠰᠠᠶᠢᠨ ᠰᠠᠶᠢᠬᠠᠨ ᠠᠮᠢᠳᠤᠷᠠᠯ ᠢᠶᠠᠨ ᠨᠠᠩ ᠨᠠᠨᠳᠢᠩᠨᠠᠭᠤᠯᠤᠨ᠎ᠠ᠃    ︽ᠡᠨᠡ ᠺᠢᠨᠣ᠋ ᠶᠢ ᠦᠵᠡᠬᠦ ᠪᠠᠷ ᠲᠠᠮᠵᠢᠨ᠂ ᠪᠢ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ  ᠶᠢᠨ ᠡᠭᠦᠰᠦᠯ ᠭᠠᠷᠤᠯ ᠢ ᠣᠶᠢᠯᠠᠭᠠᠪᠠ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠣᠯ ᠲᠤᠭ᠎ᠠ ᠲᠣᠮᠰᠢ ᠦᠭᠡᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠴᠢᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠂ ᠮᠠᠰᠢ ᠬᠢᠯᠪᠠᠷ ᠪᠤᠰᠤ ᠶᠤᠮ᠃ ᠪᠢ ᠪᠠᠭᠠᠴᠤᠳ ᠤᠨ ᠬᠤᠰᠢᠭᠤᠴᠢ ᠠᠩᠭᠢ ᠶᠢᠨ ᠡᠷᠡᠯᠬᠡᠭ ᠪᠠᠭᠠᠲᠤᠷᠯᠢᠭ ᠣᠶᠤᠨ ᠤᠬᠠᠭᠠᠨ ᠢ ᠬᠤᠪᠢ ᠳᠠᠬᠢᠨ ᠨᠠᠨᠳᠢᠩᠨᠠᠵᠤ᠂ ᠰᠠᠶᠢᠲᠤᠷ ᠰᠤᠷᠤᠯᠴᠠᠵᠤ᠂ ᠡᠷᠳᠡᠮ ᠮᠡᠳᠡᠯᠭᠡ ᠪᠠᠷ ᠢᠶᠠᠨ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠦᠶᠯᠡᠰ ᠢ ᠦᠶ᠎ᠡ ᠶᠢᠨ ᠦᠶ᠎ᠡ ᠳᠤ ᠤᠯᠠᠮᠵᠢᠯᠠᠨ᠎ᠠ᠃︾ ᠭᠡᠵᠦ ᠰᠤᠷᠤᠭᠴᠢ ᠵᠦ ᠮᠧᠩ ᠷᠠᠨ ᠬᠡᠯᠡᠪᠡ᠃    ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠶᠢᠰᠠᠨ᠎ᠠ ᠭᠠᠷᠴᠤ ᠺᠢᠨᠣ᠋ ᠦᠵᠡᠭᠰᠡᠨ ᠲᠥᠷᠥᠭᠳᠡᠯ ᠢᠶᠠᠨ ᠰᠣᠯᠢᠯᠴᠠᠬᠤ ᠶᠢᠨ ᠬᠠᠮᠲᠤ ᠠᠩᠭᠢ ᠳᠤ ᠣᠷᠣᠬᠤ ᠲᠠᠩᠭᠠᠷᠢᠭ  ᠢᠶᠠᠨ ᠳᠠᠬᠢᠨ ᠤᠩᠰᠢᠪᠠ᠃ ᠠᠩᠭᠢ ᠶᠢᠨ ᠭᠡᠰᠢᠭᠦᠳ ᠤᠨ ︽ᠴᠠᠭ ᠢᠮᠠᠭᠲᠠ ᠪᠡᠯᠡᠬᠡᠨ︾ ᠭᠡᠬᠦ ᠤᠷᠢᠶ᠎ᠠ ᠨᠢ ᠢᠳᠡ ᠬᠦᠴᠦᠲᠡᠢ᠂ ᠢᠳᠡ ᠬᠦᠴᠦᠲᠡᠢ ᠪᠠᠶᠢᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠠᠷᠠᠯᠲᠠ  ᠪᠠᠨ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠡᠷᠴᠢ ᠵᠣᠷᠢᠭ ᠢ ᠢᠯᠡᠷᠡᠭᠦᠯᠵᠡᠢ᠃    ︽ᠥᠨᠥᠳᠦᠷ ᠤᠨ ᠺᠢᠨᠣ᠋ ᠨᠠᠳᠠ ᠳᠤ ᠣᠳᠣᠬᠠᠨ ᠤ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠢ ᠲᠠᠨᠢᠭᠤᠯᠤᠭᠰᠠᠨ ᠪᠥᠭᠡᠳ ᠪᠢᠳᠡᠨ ᠢ ᠴᠠᠭ ᠮᠥᠴᠡ ᠪᠠᠨ ᠨᠠᠨᠳᠢᠩᠨᠠᠵᠤ᠂ ᠴᠢᠷᠮᠠᠶᠢᠨ ᠲᠡᠮᠡᠴᠡᠵᠦ᠂ ᠰᠠᠶᠢᠲᠤᠷ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠶᠢ ᠵᠣᠷᠢᠭᠵᠢᠭᠤᠯᠪᠠ︕︾ ᠭᠡᠵᠦ ᠰᠤᠷᠤᠭᠴᠢ ᠵᠧᠩ ᠵᠢᠶᠠ ᠬᠤᠤ ᠬᠡᠯᠡᠪᠡ᠃    ᠰᠤᠷᠤᠭᠴᠢᠳ ᠢ ᠵᠣᠬᠢᠶᠠᠨ ᠪᠠᠶᠢᠭᠤᠯᠵᠤ ︽ᠪᠠᠭᠠᠴᠤᠳ ᠤᠨ ᠬᠤᠰᠢᠭᠤᠴᠢ︾ ᠺᠢᠨᠣ᠋ ᠶᠢ ᠦᠵᠡᠭᠦᠯᠵᠦ᠂ ᠺᠢᠨᠣ᠋ ᠳᠣᠲᠣᠷᠠᠬᠢ ᠠᠮᠢᠳᠤᠯᠢᠭ ᠪᠣᠳᠠᠲᠠᠶ ᠪᠠᠭᠠᠴᠤᠳ ᠪᠠᠭᠠᠲᠤᠷᠴᠤᠳ ᠤᠨ ᠬᠤᠪᠢᠰᠬᠠᠯ ᠤᠨ ᠦᠯᠢᠭᠡᠷ ᠢ ᠮᠡᠳᠡᠷᠡᠭᠦᠯᠬᠦ ᠪᠣᠯ ᠨᠢᠭᠡ ᠵᠦᠢᠯ ᠤᠨ ᠳᠤᠷᠠᠰᠤᠮᠵᠢ᠂ ᠨᠢᠭᠡ ᠵᠦᠢᠯ ᠤᠨ ᠤᠯᠠᠮᠵᠢᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠦᠴᠦᠨ ᠢ ᠰᠢᠩᠭᠡᠭᠡᠨ ᠠᠪᠬᠤ ᠠᠷᠭ᠎ᠠ ᠪᠣᠯᠤᠨ᠎ᠠ᠃    ︽ᠬᠤᠶᠢᠰᠢᠳᠠ᠂ ᠰᠤᠷᠭᠠᠭᠤᠯᠢ ᠶᠢᠨ ᠬᠢᠨ ᠰᠤᠷᠤᠭᠴᠢᠳ ᠤᠨ ᠬᠤᠪᠢᠰᠬᠠᠯᠲᠤ ᠤᠯᠠᠮᠵᠢᠯᠠᠯ ᠪᠣᠯᠤᠨ ᠤᠯᠤᠰ  ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠰᠤᠷᠤᠭᠴᠢᠳ ᠤᠨ ᠴᠠᠭ ᠦᠶ᠎ᠡ  ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠦᠨᠳᠦᠰᠦᠲᠡᠨ ᠤ ᠢᠲᠡᠭᠡᠯ ᠵᠣᠷᠢᠭ ᠢ ᠴᠢᠩᠭᠠᠳᠬᠠᠵᠤ᠂ ᠰᠤᠷᠤᠭᠴᠢᠳ  ᠤᠨ ᠳᠤᠮᠳᠠᠳᠤ ᠶᠢᠨ ᠵᠡᠭᠦᠳᠦ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠰᠤᠷᠤᠯᠴᠠᠬᠤ ᠶᠢ ᠬᠥᠭᠵᠢᠭᠡᠨ᠎ᠡ᠃︾ ᠭᠡᠵᠦ ᠪᠠᠭᠰᠢ ᠵᠧᠦ ᠭᠦᠸᠧ ᠵᠢᠤᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号