2024 ᠣᠨ ᠳᠤ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ  ᠶᠢᠨ ᠲᠠᠮᠢᠷ ᠤᠨ ᠴᠤᠭᠯᠠᠭᠠᠨ ᠲᠦᠴᠢᠦᠸᠠᠨ ᠰᠢᠶᠠᠨ ᠳᠤ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/5/31
   5 ᠳ᠋ᠤᠭᠠᠷ ᠰᠠᠷ᠎ᠠ ᠶᠢᠨ 30 ᠤ ᠡᠳᠦᠷ᠂ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠦᠴᠢᠦᠸᠠᠨ ᠰᠢᠶᠠᠨ ᠳᠤ ᠲᠡᠭᠦᠰ ᠠᠮᠵᠢᠯᠲᠠ ᠲᠠᠢ ᠥᠨᠳᠥᠷᠯᠡᠪᠡ᠃    ᠲᠡᠭᠦᠰᠬᠦ ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠰᠠᠶᠢᠨ᠎ᠠ ᠲᠡᠭᠦᠰᠬᠦ ᠦᠭᠡ ᠬᠡᠯᠡᠵᠦ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠯᠢ ᠭᠦᠸᠧ᠂ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠤᠤ ᠬᠤᠩ ᠶᠢᠩ ᠵᠢᠴᠢ ᠠᠶᠢᠮᠠᠭ ᠤᠨ ᠰᠢᠭᠤᠳ ᠬᠠᠷᠢᠶ᠎ᠠ᠂ ᠡᠯ᠎ᠡ ᠬᠤᠰᠢᠭᠤ ᠰᠢᠶᠠᠨ ᠤ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠡᠭᠦᠰᠬᠦ ᠶᠣᠰᠣᠯᠠᠯ ᠳᠤ ᠣᠷᠣᠯᠴᠠᠪᠠ᠃    2024 ᠣᠨ ᠳᠤ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠡᠯ᠎ᠡ ᠬᠤᠰᠢᠭᠤ ᠰᠢᠶᠠᠨ ᠬᠤᠲᠠ ᠠᠴᠠ ᠢᠷᠡᠭᠰᠡᠨ 13 ᠲᠥᠯᠥᠭᠡᠯᠡᠭᠴᠢᠳ ᠤᠨ ᠠᠩᠭᠢ᠂ 609 ᠲᠠᠮᠢᠷᠴᠢᠨ ᠬᠠᠮᠲᠤ ᠪᠠᠷ 22 ᠶᠡᠭᠡ ᠲᠥᠷᠥᠯ᠂ 93 ᠪᠠᠭ᠎ᠠ ᠲᠥᠷᠥᠯ ᠤᠨ ᠤᠷᠤᠯᠳᠤᠭᠠᠨ ᠶᠠᠪᠤᠭᠤᠯᠵᠤ᠂ 3 ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ ᠡᠯ᠎ᠡ ᠵᠦᠶᠯ ᠤᠨ ᠤᠷᠤᠯᠳᠤᠭᠠᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃    ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠨᠠᠷᠢᠨ ᠨᠢᠮᠪᠠᠶ ᠪᠠᠶᠢᠷᠢᠯᠠᠭᠤᠯᠤᠨ᠎ᠠ︔ ᠰᠢᠭᠦᠭᠴᠢ ᠳᠦᠷᠢᠮ ᠲᠣᠭᠲᠠᠭᠠᠯ ᠢ ᠴᠢᠩᠭ᠎ᠠ ᠰᠠᠬᠢᠵᠤ᠂ ᠲᠥᠪ ᠭᠤᠤᠯᠴᠢ ᠪᠠᠷ ᠲᠠᠰᠤᠯᠤᠨ ᠲᠣᠭᠲᠠᠭᠠᠨ᠎ᠠ︔ ᠤᠷᠤᠯᠳᠤᠭᠠᠨ ᠤ ᠲᠠᠯᠠᠪᠤᠷ  ᠲᠤ᠂ ᠲᠠᠮᠢᠷᠴᠢᠳ ᠬᠦᠴᠦᠯᠡᠨ ᠭᠦᠶᠦᠵᠦ᠂ ᠳᠠᠪᠠᠯᠲᠠ ᠬᠢᠵᠦ᠂ ᠡᠰᠡᠷᠭᠦ ᠡᠲᠡᠭᠡᠳ ᠠᠴᠠ ᠪᠠᠨ ᠠᠶᠤᠬᠤ ᠦᠭᠡᠢ᠂ ᠰᠢᠳᠦ ᠵᠠᠭᠤᠨ ᠪᠠᠷᠢᠮᠲᠠᠯᠠᠵᠤ᠂ ᠪᠦᠬᠦ ᠬᠦᠴᠦ ᠪᠠᠷ ᠢᠶᠠᠨ ᠴᠢᠷᠮᠠᠢᠨ᠎ᠠ ᠪᠦᠯᠬᠦᠮᠳᠡᠨ ᠬᠠᠮᠵᠢᠯᠴᠠᠬᠤ᠂ ᠨᠤᠭᠤᠷᠠᠰᠢ ᠦᠭᠡᠢ ᠲᠡᠮᠡᠴᠡᠬᠦ᠂ ᠢᠯᠠᠯᠲᠠ ᠣᠯᠤᠭᠰᠠᠨ ᠴᠤ ᠪᠠᠷᠳᠠᠮᠨᠠᠬᠤ ᠦᠭᠡᠢ᠂ ᠢᠯᠠᠭᠳᠠᠬᠤ ᠦᠭᠡᠢ ᠪᠠᠶᠢᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠪᠡ᠃    ︽ᠡᠨᠡ ᠤᠳᠠᠭ᠎ᠠ ᠲᠤᠰ ᠭᠠᠵᠠᠷ ᠤᠨ ᠤᠷᠤᠯᠳᠤᠭᠠᠨ ᠳᠤ᠂ ᠪᠢ ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠤ ᠲᠡᠮᠳᠡᠭᠯᠡᠯ ᠢ ᠳᠦᠷᠪᠡ ᠤᠳᠠᠭ᠎ᠠ ᠡᠪᠳᠡᠪᠡ᠂ ᠪᠢ ᠮᠠᠰᠢ ᠳᠣᠭᠳᠣᠯᠵᠤ ᠪᠠᠶᠢᠨ᠎ᠠ᠂ ᠥᠪᠡᠷ ᠤᠨ ᠬᠠᠲᠠᠭᠤᠵᠢᠯᠲᠠᠢ ᠪᠣᠯᠪᠠᠰᠤᠷᠠᠯ ᠬᠠᠷᠢᠭᠤ ᠣᠯᠵᠠᠢ᠂ ᠵᠠᠯᠭᠠᠭᠠᠳ ᠪᠢ ᠪᠠᠰᠠ ᠨᠡᠩ ᠢᠯᠡᠭᠦᠦ ᠴᠢᠷᠮᠠᠶᠢᠨ ᠪᠣᠯᠪᠠᠰᠤᠷᠠᠵᠤ᠂ ᠨᠡᠩ ᠶᠡᠭᠡ ᠤᠷᠤᠯᠳᠤᠭᠠᠨ ᠳᠤ ᠣᠷᠣᠯᠴᠠᠬᠤ ᠪᠠᠷ ᠴᠢᠷᠮᠠᠶᠢᠵᠤ᠂ ᠲᠦᠴᠢᠦᠸᠠᠨ ᠰᠢᠶᠠᠨ ᠳᠤ ᠢᠷᠠᠭᠤ ᠠᠯᠳᠠᠷ ᠨᠡᠮᠡᠷᠢᠯᠡᠨ᠎ᠡ᠃︾ ᠭᠡᠵᠦ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠣᠷᠣᠭᠴᠢ ᠭᠤᠤ ᠰᠢᠨ ᠶᠠᠩ ᠪᠠᠶᠠᠷᠲᠠᠶ ᠬᠡᠯᠡᠨ᠎ᠡ᠃    ᠲᠠᠮᠢᠷ ᠤᠨ ᠴᠤᠭᠯᠠᠭᠠᠨ ᠨᠢ ᠭᠤᠶᠢᠳᠠ ᠰᠠᠶᠢᠬᠠᠨ ᠶᠠᠪᠤᠭᠳᠠᠵᠤ᠂ ᠢᠯᠠᠯᠲᠠ ᠶᠢᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠵᠤ᠂ ᠨᠡᠶᠢᠲᠡ 13 ᠬᠥᠮᠦᠨ ︵ᠤᠳᠠᠭ᠎ᠠ︶ ᠳᠤ ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠤ 7 ᠵᠦᠶᠯ ᠤᠨ ᠲᠡᠮᠳᠡᠭᠯᠡᠯ ᠢ ᠳᠠᠪᠠᠪᠠ᠃ ᠭᠤᠷᠪᠠᠨ ᠡᠳᠦᠷ ᠤᠨ ᠰᠢᠷᠦᠭᠦᠨ ᠮᠥᠷᠥᠶᠢᠴᠡᠭᠡᠨ ᠢᠶᠠᠷ ᠳᠠᠮᠵᠢᠭᠠᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ᠂ ᠲᠦᠴᠢᠦᠸᠠᠨ ᠰᠢᠶᠠᠨ ᠲᠤᠰ ᠲᠤᠰ ᠪᠦᠯᠬᠦᠮ ᠤᠨ ᠶᠡᠷᠦᠩᠬᠡᠶ ᠬᠤᠪᠢ ᠨᠢ ᠡᠮᠦᠨ᠎ᠡ ᠭᠤᠷᠪᠠ ᠳᠤ ᠣᠷᠣᠵᠠᠶ᠃    ︽ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠡᠶᠢᠲᠡ 86 ᠲᠠᠮᠢᠷᠴᠢᠨ ᠲᠣᠮᠢᠯᠠᠨ ᠤᠷᠤᠯᠳᠤᠭᠠᠨ ᠳᠤ ᠣᠷᠣᠯᠴᠠᠭᠤᠯᠵᠤ᠂ ᠭᠤᠷᠪᠠᠨ ᠡᠳᠦᠷ ᠤᠨ ᠤᠷᠤᠯᠳᠤᠭᠠᠨ ᠳᠤ᠂ ᠲᠦᠴᠢᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠣᠯᠠᠨ ᠤ ᠤᠬᠠᠭᠠᠨ ᠬᠠᠮᠲᠤ ᠶᠢᠨ ᠬᠦᠴᠦ  ᠪᠠᠷ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦᠲᠡᠶ ᠪᠠᠲᠤᠯᠠᠭ᠎ᠠ ᠬᠠᠩᠭᠠᠵᠤ᠂ ᠡᠯ᠎ᠡ ᠵᠦᠶᠯ ᠤᠨ ᠠᠵᠢᠯ ᠡᠮᠬᠢ ᠴᠡᠭᠴᠡ ᠲᠠᠢ ᠶᠠᠪᠤᠭᠳᠠᠵᠤ᠂ ᠤᠷᠤᠯᠳᠤᠭᠠᠨ ᠨᠢ ᠮᠠᠰᠢ ᠰᠠᠨᠠᠭ᠎ᠠ ᠠᠮᠤᠷ ᠪᠠᠶᠢᠯ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠰᠠ ᠬᠡᠪ ᠨᠠᠮᠪᠠ ᠪᠠᠨ ᠠᠳᠠᠯᠢᠳᠬᠠᠵᠤ᠂ ᠬᠢᠷᠢ ᠲᠦᠪᠰᠢᠨ ᠢᠶᠠᠨ ᠤᠷᠤᠯᠳᠤᠪᠠ᠃ ᠡᠶᠢᠮᠦ ᠤᠷᠤᠯᠳᠤᠭᠠᠨ ᠢ ᠬᠤᠭᠤᠴᠠᠭ᠎ᠠ ᠪᠦᠷᠢ ᠶᠢᠨ ᠬᠢ ᠠᠴᠠ ᠨᠠᠩ ᠰᠠᠶᠢᠨ ᠡᠷᠭᠢᠯᠡᠵᠦ᠂ ᠡᠮᠦᠨᠡᠲᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠡᠪ ᠴᠢᠨᠠᠷ ᠢ ᠨᠠᠩ ᠰᠠᠶᠢᠨ ᠪᠣᠯᠭᠠᠵᠤ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠦᠶᠯᠡᠰ ᠢ ᠨᠠᠩ ᠴᠡᠴᠡᠭᠯᠡᠨ ᠬᠥᠭᠵᠢᠭᠦᠯᠬᠦ ᠶᠢ ᠬᠦᠰᠡᠵᠦ ᠪᠠᠶᠢᠨ᠎ᠠ᠃︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠲᠢᠶᠠᠨ ᠯᠦᠩ ᠬᠡᠯᠡᠪᠡ᠃    ᠲᠣᠰ ᠤᠳᠠᠭᠠᠨ ᠤ ᠲᠠᠮᠢᠷ ᠤᠨ ᠴᠤᠭᠯᠠᠭᠠᠨ ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠤᠷᠤᠯᠳᠤᠭᠠᠨ ᠳᠤ ᠣᠷᠣᠯᠴᠠᠭᠰᠠᠨ ᠰᠤᠷᠭᠠᠭᠤᠯᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠤᠨ ᠶᠡᠷᠦᠩᠬᠡᠶᠢᠯᠡᠭᠰᠡᠨ ᠢᠯᠡᠷᠡᠯ ᠪᠣᠯᠬᠤ ᠪᠠᠷ ᠪᠠᠷᠠᠬᠤ ᠥᠬᠡᠶ᠂ ᠪᠠᠰᠠ ᠴᠤ ᠲᠠᠮᠢᠷᠴᠢᠳ᠂ ᠰᠤᠷᠭᠠᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ᠂ ᠤᠷᠤᠯᠳᠤᠭᠠᠨ ᠤ ᠬᠢᠷᠢ ᠲᠦᠪᠰᠢᠨ ᠵᠡᠷᠭᠡ ᠶᠡᠷᠦᠩᠬᠡᠶᠢᠯᠡᠭᠰᠡᠨ ᠬᠡᠪ ᠴᠢᠨᠠᠷ ᠤᠨ ᠰᠢᠯᠭᠠᠯᠲᠠ ᠪᠣᠯᠤᠨ᠎ᠠ᠂ ᠨᠠᠩ ᠴᠤ ᠣᠶᠢᠷ᠎ᠠ ᠶᠢᠨ ᠵᠢᠯ ᠤᠨ ᠲᠤᠷᠰᠢᠬᠢ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ᠂ ᠪᠠᠭᠰᠢ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠡᠪ ᠴᠢᠨᠠᠷ ᠪᠠ ᠣᠶᠤᠨ ᠰᠠᠨᠠᠭᠠᠨ ᠤ ᠳᠦᠷᠰᠦ ᠪᠠᠶᠢᠳᠠᠯ ᠤᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠤᠨ᠎ᠠ᠃    ︽ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠷ ᠳᠠᠮᠵᠢᠨ ᠵᠤᠭ᠎ᠠ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠣᠳ ᠢ ᠨᠢ ᠴᠢᠭᠢᠷᠠᠭᠵᠢᠭᠤᠯᠵᠤ᠂ ᠬᠥᠮᠦᠨ ᠴᠢᠨᠠᠷ ᠢ ᠨᠢ ᠲᠡᠭᠦᠯᠳᠡᠷᠵᠢᠭᠦᠯᠵᠦ᠂ ᠡᠷᠴᠢ ᠵᠣᠷᠢᠭ ᠢ ᠨᠢ ᠳᠠᠪᠲᠠᠨ ᠪᠣᠯᠪᠠᠰᠤᠷᠠᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ  ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃︾ ᠭᠡᠵᠦ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ  ᠤ ᠳᠡᠳ᠋ ᠳᠠᠷᠤᠭ᠎ᠠ ᠰᠢᠤᠢ ᠯᠸᠢ ᠲᠠᠨᠢᠯᠴᠠᠭᠤᠯᠪᠠ᠃    ᠲᠡᠭᠦᠰᠬᠦ ᠶᠣᠰᠣᠯᠠᠯ ᠳᠡᠭᠡᠷ᠎ᠡ᠂ 2024 ᠣᠨ ᠤ ᠪᠦᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠭᠰᠡᠨ ᠡᠲᠡᠭᠡᠳ ᠲᠦᠴᠢᠦᠸᠠᠨ ᠰᠢᠶᠠᠨ ᠪᠣᠯᠤᠨ 2026 ᠣᠨ ᠤ ᠤᠷᠤᠯᠳᠤᠭᠠᠨ ᠢ ᠳᠠᠭᠠᠭᠠᠴᠢᠯᠠᠨ ᠡᠷᠬᠢᠯᠡᠬᠦ ᠵᠠᠯᠠᠶᠢᠳ ᠬᠤᠰᠢᠭᠤ ᠲᠠᠢ ᠲᠤᠭ ᠪᠠᠨ ᠲᠤᠰᠢᠶᠠᠬᠤ ᠪᠠ ᠬᠦᠯᠢᠶᠡᠨ ᠠᠪᠤᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号