ᠯᠢᠦ ᠬᠣ᠋ ᠪᠠᠯᠭᠠᠰᠤ ︽ᠤᠮᠠᠷᠠᠲᠤ ᠬᠢᠯᠢ ᠶᠢ ᠦᠵᠡᠬᠦ︾ ᠪᠢᠴᠢᠭ ᠤᠨ ᠰᠤᠷᠪᠤᠯᠵᠢᠳᠤ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/7
   ᠨᠣᠮ ᠤᠩᠰᠢᠬᠤ ᠪᠣᠯ ᠰᠡᠳᠭᠢᠯ ᠤᠨ ᠠᠶᠠᠯᠠᠯ᠂ ᠣᠶᠤᠨ ᠤᠬᠠᠭᠠᠨ ᠤ ᠡᠬᠢ ᠪᠤᠯᠠᠭ ᠮᠦᠨ᠃ ᠪᠦᠬᠦ ᠠᠷᠠᠳ ᠢᠶᠠᠷ ᠢᠶᠠᠨ ᠨᠣᠮ ᠤᠩᠰᠢᠬᠤ ᠨᠢ ᠵᠥᠪᠬᠡᠨ ᠤᠷᠢᠶ᠎ᠠ ᠲᠡᠳᠦᠢ ᠪᠢᠰᠢ᠂ ᠨᠡᠩ ᠴᠤ ᠨᠢᠭᠡ ᠵᠦᠢᠯ ᠤᠨ ᠠᠮᠢᠳᠤᠷᠠᠯ ᠤᠨ ᠠᠷᠭ᠎ᠠ ᠬᠡᠯᠪᠡᠷᠢ ᠪᠠᠶᠢᠵᠤ᠂ ᠨᠢᠭᠡ ᠵᠦᠢᠯ ᠤᠨ ᠰᠣᠶᠣᠯ ᠤᠨ ᠬᠥᠭᠡᠭᠡᠴᠡᠯᠳᠦᠯ ᠪᠣᠯᠤᠨ᠎ᠠ᠃ ᠯᠢᠦ ᠬᠣ᠋ ᠪᠠᠯᠭᠠᠰᠤ ︽ᠤᠮᠠᠷᠠᠲᠤ ᠬᠢᠯᠢ ᠶᠢ ᠦᠵᠡᠬᠦ︾ ᠪᠢᠴᠢᠭ ᠤᠨ ᠰᠤᠷᠪᠤᠯᠵᠢᠲᠤ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠶᠢ ᠤᠩᠰᠢᠯᠭ᠎ᠠ ᠶᠢᠨ ᠰᠣᠶᠣᠯ ᠤᠨ ᠬᠥᠭᠵᠢᠯᠲᠡ ᠶᠢ ᠠᠬᠢᠭᠤᠯᠬᠤ ᠴᠢᠬᠤᠯᠠ ᠠᠵᠠ ᠲᠣᠬᠢᠶᠠᠯ ᠪᠣᠯᠭᠠᠵᠤ᠂ ᠨᠠᠩ ᠣᠯᠠᠨ ᠬᠥᠮᠦᠨ ᠳᠤ ᠤᠩᠰᠢᠯᠭ᠎ᠠ ᠶᠢᠨ ᠷᠢᠳᠢ ᠰᠢᠳᠢ ᠶᠢ ᠮᠡᠳᠡᠷᠡᠭᠦᠯᠪᠡ᠃
   ᠠᠵᠢᠯᠯᠠᠭ᠎ᠠ ᠶᠢᠨ ᠳᠤᠮᠳᠠ᠂ ᠡᠯ᠎ᠡ ᠲᠣᠰᠬᠤᠨ ᠲᠠᠯ᠎ᠠ ᠨᠤᠲᠤᠭ ᠤᠨ ᠨᠣᠮ ᠤᠨ ᠦᠷᠦᠭᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠵᠢᠮ ᠤᠩᠰᠢᠯᠭ᠎ᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠲᠠᠭᠠᠯᠠᠮᠵᠢᠲᠠᠢ ᠤᠩᠰᠢᠯᠭ᠎ᠠ ᠶᠢᠨ ᠲᠠᠯᠠᠪᠤᠷ ᠢ ᠬᠠᠩᠭᠠᠵᠠᠢ᠃ ᠰᠢᠩ ᠴᠢᠤᠸᠠᠨ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ᠂ ᠲᠣᠰᠬᠤᠨ ᠤ ︽ᠬᠤᠶᠠᠷ ᠵᠥᠪᠯᠡᠯ︾ ᠤᠨ ᠠᠵᠢᠯᠲᠠᠳ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠪᠠ ᠭᠤᠤᠯ ᠲᠥᠷᠥᠯ ᠬᠡᠯᠪᠡᠷᠢ ᠶᠢ ᠰᠤᠷᠤᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ ᠭᠡᠳᠡᠭ ᠢ ᠭᠦᠨᠵᠡᠭᠡᠢ ᠤᠶᠢᠯᠠᠭᠠᠵᠠᠢ᠃ ᠡᠭᠦᠨ ᠤ ᠬᠠᠮᠲᠤ᠂ ᠢᠦᠶ ᠱᠤ᠋ ᠲᠣᠰᠬᠤᠨ ᠳᠤ᠂ ᠲᠣᠰᠬᠤᠨ ᠤ ᠠᠷᠠᠳ ᠥᠪᠡᠷ ᠤᠨ ᠳᠤᠷ᠎ᠠ ᠰᠣᠨᠢᠷᠬᠠᠯ ᠪᠠ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠪᠠᠨ ᠦᠨᠳᠦᠰᠦᠯᠡᠨ᠂ ᠥᠪᠡᠷ ᠤᠨ ᠳᠤᠷᠠᠲᠠᠢ ᠨᠣᠮ ᠪᠢᠴᠢᠭ ᠢᠶᠠᠨ ᠴᠢᠯᠥᠭᠡᠲᠡᠶ ᠰᠣᠩᠭᠤᠵᠤ᠂ ᠤᠩᠰᠢᠯᠭ᠎ᠠ ᠶᠢᠨ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠵᠦ ᠪᠠᠶᠢᠬᠤ ᠪᠥᠭᠡᠳ ᠬᠤᠭᠤᠷᠣᠨᠳᠣ ᠪᠠᠨ ᠥᠪᠡᠷ ᠤᠨ ᠤᠩᠰᠢᠭᠰᠠᠨ ᠤ ᠳᠠᠷᠠᠭᠠᠬᠢ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠬᠠᠷᠢᠯᠴᠠᠨ ᠥᠪᠡᠷ ᠤᠨ ᠳᠤᠷᠠᠲᠠᠢ ᠨᠣᠮ ᠪᠢᠴᠢᠭ ᠢᠶᠠᠨ ᠰᠣᠯᠢᠯᠴᠠᠵᠤ᠂ ᠨᠣᠮ ᠪᠢᠴᠢᠭ ᠤᠨ ᠢᠳᠡᠪᠬᠢ ᠬᠦᠴᠦᠨ ᠢ ᠳᠠᠮᠵᠢᠭᠤᠯᠪᠠ᠃
   ︽ᠤᠮᠠᠷᠠᠲᠤ ᠬᠢᠯᠢ ᠶᠢ ᠦᠵᠡᠬᠦ︾ ᠪᠢᠴᠢᠭ ᠤᠨ ᠰᠤᠷᠪᠤᠯᠵᠢᠲᠤ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠪᠣᠯ ᠯᠢᠦ ᠬᠣ᠋ ᠪᠠᠯᠭᠠᠰᠤᠨ ᠤ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠣᠮ ᠪᠢᠴᠢᠭ ᠤᠨ ᠤᠮᠳᠠᠯᠠᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠣᠶᠤᠨ ᠰᠠᠨᠠᠭᠠᠨ ᠤ ᠶᠢᠷᠲᠢᠨᠴᠦ ᠪᠠᠶᠠᠯᠢᠭᠵᠢᠨ ᠳᠡᠭᠡᠭᠰᠢᠯᠡᠵᠡᠶ᠂ ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠰᠣᠶᠣᠯ ᠰᠤᠷᠤᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠩᠰᠢᠯᠭ᠎ᠠ ᠶᠢᠨ ᠥᠷᠨᠢᠩᠭᠦᠶ ᠬᠥᠭᠵᠢᠯᠲᠡ ᠶᠢ ᠳᠥᠯᠭᠢᠨ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号