ᠡᠭᠦᠯᠳᠡᠷ ᠤᠨ ᠨᠡᠷᠡᠶᠢᠳᠦᠯ᠄ ᠬᠠᠢ ᠺᠧ ᠢᠦᠢ 3 | ᠬᠢᠨᠠᠨ ᠲᠣᠭᠲᠠᠭᠠᠭᠰᠠᠨ ᠳ᠋ᠤᠭᠠᠷ᠄ ᠭᠦᠸᠧ ᠱᠧᠨ ᠢᠦᠢ 20220069 | ᠰᠣᠩᠭᠤᠨ ᠪᠤᠶᠢᠵᠢᠭᠤᠯᠬᠤ ᠨᠢᠭᠡᠴᠡ᠄ ᠥᠪᠥᠷ ᠮᠣᠩᠭᠤᠯ ᠤᠨ ᠰᠢᠩ ᠹᠧᠩ ᠦᠷ᠎ᠡ ᠶᠢᠨ ᠦᠢᠯᠡᠰ ᠤᠨ | ᠬᠢᠵᠠᠭᠠᠷᠲᠤ ᠺᠣᠮᠫᠠᠨᠢ | ᠣᠨᠴᠠᠯᠢᠭ ᠰᠢᠨᠵᠢ᠄ ᠵᠡᠭᠦᠨ ᠤᠮᠠᠷᠠᠲᠤ ᠣᠷᠣᠨ ᠤ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠬᠠᠪᠤᠷ ᠤᠨ | ᠡᠷᠳᠡᠨᠢ ᠰᠢᠰᠢ ᠶᠢᠨ ᠳᠤᠭᠤᠶᠢᠯᠠᠩ ᠤᠨ ᠴᠢᠬᠢᠯᠡᠬᠦ ᠠᠴᠠ ᠪᠣᠯᠪᠠᠰᠤᠷᠠᠬᠤ ᠬᠦᠷᠲᠡᠯ᠎ᠡ 124.0 ᠡᠳᠦᠷ᠂ ᠵᠢᠢ ᠳ᠋ᠠᠨ | 27 ᠲᠠᠢ ᠬᠠᠷᠢᠴᠠᠭᠤᠯᠪᠠᠯ 0.6 ᠡᠳᠦᠷ ᠣᠷᠣᠢ ᠪᠣᠯᠪᠠᠰᠤᠷᠠᠨ᠎ᠠ᠃ ᠨᠢᠯᠬ᠎ᠠ ᠴᠢᠬᠢ ᠶᠢᠨ ᠨᠠᠪᠴᠢᠨ ᠤ ᠳᠤᠭᠲᠤᠢ ᠨᠢ | ᠬᠦᠷᠡᠩ ᠥᠩᠭᠡᠲᠡᠢ᠂ ᠴᠡᠴᠡᠭ ᠤᠨ ᠰᠢᠷᠬᠡᠭ ᠨᠢ ᠬᠦᠷᠡᠩ ᠥᠩᠭᠡᠲᠡᠢ᠂ ᠴᠡᠴᠡᠭ ᠤᠨ ᠡᠮ ᠨᠢ ᠰᠢᠷ᠎ᠠ ᠥᠩᠭᠡᠲᠡᠢ᠂ | ᠬᠠᠯᠢᠰᠤ ᠨᠢ ᠨᠣᠭᠤᠭᠠᠨ ᠥᠩᠭᠡᠲᠡᠢ ᠪᠠᠶᠢᠳᠠᠭ᠃ ᠰᠠᠭᠤᠷᠢ ᠶᠢᠨ ᠬᠡᠯᠪᠡᠷᠢ ᠨᠢ ᠬᠠᠭᠠᠰ ᠨᠢᠭᠲᠠ᠂ ᠰᠠᠭᠤᠷᠢ ᠶᠢᠨ | ᠥᠨᠳᠥᠷ ᠨᠢ 283 ᠰᠠᠨᠲ᠋ᠢᠮᠧᠳ᠋ᠷ᠂ ᠲᠦᠷᠦᠭᠦᠦ ᠶᠢᠨ ᠪᠠᠶᠢᠷᠢ ᠨᠢ 112 ᠰᠠᠨᠲ᠋ᠢᠮᠧᠳ᠋ᠷ ᠥᠨᠳᠥᠷ᠂ ᠪᠣᠯᠪᠠᠰᠤᠷᠠᠭᠰᠠᠨ | ᠨᠠᠪᠴᠢᠨ ᠤ ᠢᠯᠲᠠᠰᠤ ᠨᠢ 20 ᠬᠡᠰᠡᠭ ᠪᠠᠶᠢᠳᠠᠭ᠃ ᠵᠢᠮᠢᠰ ᠤᠨ ᠲᠦᠷᠦᠭᠦᠦ ᠨᠢ ᠪᠣᠷᠲᠣᠭᠤᠨ ᠬᠡᠯᠪᠡᠷᠢᠲᠡᠢ᠂ | ᠲᠦᠷᠦᠭᠦᠦ ᠶᠢᠨ ᠣᠷᠳᠣ ᠨᠢ 18.1 ᠰᠠᠨᠲ᠋ᠢᠮᠧᠳ᠋ᠷ᠂ ᠲᠦᠷᠦᠭᠦᠦ ᠶᠢᠨ ᠮᠥᠷ ᠨᠢ 14 - 22 ᠮᠥᠷ᠂ | ᠲᠦᠷᠦᠭᠦᠦ ᠶᠢᠨ ᠲᠡᠩᠭᠡᠯᠢᠭ ᠨᠢ ᠤᠯᠠᠭᠠᠨ ᠥᠩᠭᠡᠲᠡᠢ᠂ ᠮᠥᠬᠦᠯᠢᠭ ᠨᠢ ᠰᠢᠷ᠎ᠠ ᠥᠩᠭᠡᠲᠡᠢ᠂ ᠵᠠᠭᠤᠨ ᠮᠥᠬᠦᠯᠢᠭ ᠤᠨ | ᠬᠦᠨᠳᠦ ᠨᠢ 32.3 ᠭᠷᠡᠮ ᠪᠠᠶᠢᠳᠠᠭ᠃ ᠬᠢᠨᠠᠨ ᠲᠣᠭᠲᠠᠭᠠᠭᠰᠠᠨ ᠢᠶᠠᠷ᠂ ᠲᠣᠮᠣ ᠲᠣᠯᠪᠣᠲᠤ ᠡᠪᠡᠳᠴᠢᠨ᠂ ᠡᠰᠢ ᠶᠢᠨ | ᠢᠯᠵᠢᠷᠡᠬᠦ ᠡᠪᠡᠳᠴᠢᠨ᠂ ᠲᠦᠷᠦᠭᠦᠸ᠋ ᠶᠢᠨ ᠢᠯᠵᠢᠷᠡᠬᠦ ᠡᠪᠡᠳᠴᠢᠨ᠂ ᠪᠣᠷᠣ ᠲᠣᠯᠪᠣᠲᠤ ᠡᠪᠡᠳᠴᠢᠨ᠂ ᠰᠢᠷᠬᠡᠭ | ᠬᠠᠷᠠᠯᠠᠬᠤ ᠡᠪᠡᠳᠴᠢᠨ ᠵᠡᠷᠭᠡ ᠶᠢ ᠡᠰᠡᠷᠭᠦᠴᠡᠬᠦ ᠳᠤᠮᠳᠠ ᠵᠡᠷᠭᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠲᠠᠢ᠃ | ᠬᠡᠮᠵᠢᠨ ᠲᠣᠭᠲᠠᠭᠠᠭᠰᠠᠨ ᠢᠶᠠᠷ᠂ ᠮᠥᠬᠦᠯᠢᠭ ᠤᠨ ᠪᠠᠭᠲᠠᠭᠠᠮᠵᠢ ᠶᠢᠨ ᠬᠦᠨᠳᠦ ᠨᠢ 720 ᠭᠷᠡᠮ \ ᠯᠢᠳ᠋ᠷ᠂ | ᠪᠦᠳᠦᠭᠦᠯᠢᠭ ᠴᠠᠷᠳᠠᠭᠤᠯ ᠤᠨ ᠠᠭᠤᠯᠤᠭᠳᠠᠴᠠ ᠨᠢ 75.31%᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠨᠢ | 9.22%᠂ ᠪᠦᠳᠦᠭᠦᠯᠢᠭ ᠥᠭᠡᠬᠦ ᠶᠢᠨ ᠠᠭᠤᠯᠤᠭᠳᠠᠴᠠ ᠨᠢ 4.0%᠂ ᠯᠠᠶᠢᠰᠢᠨ ᠰᠢᠪᠲᠦᠷᠲᠦ ᠬᠦᠴᠢᠯ ᠤᠨ | ᠠᠭᠤᠯᠤᠭᠳᠠᠴᠠ ᠨᠢ 0.27% ᠪᠣᠯᠣᠨ᠎ᠠ᠃ | ᠲᠣᠬᠢᠷᠠᠮᠵᠢᠲᠠᠢ ᠲᠠᠷᠢᠬᠤ ᠣᠷᠣᠨ ᠪᠦᠰᠡ᠄ ᠵᠡᠭᠦᠨ ᠤᠮᠠᠷᠠᠲᠤ ᠣᠷᠣᠨ ᠤ ᠳᠤᠮᠳᠠ ᠪᠠ ᠡᠷᠲᠡ ᠪᠣᠯᠪᠠᠰᠤᠷᠠᠬᠤ | ᠬᠠᠪᠤᠷ ᠤᠨ ᠡᠷᠳᠡᠨᠢ ᠰᠢᠰᠢ ᠶᠢᠨ ᠲᠥᠷᠥᠯ ᠬᠡᠯᠪᠡᠷᠢ ᠶᠢᠨ ᠣᠷᠣᠨ᠂ ᠲᠤᠬᠠᠶᠢᠯᠠᠪᠠᠯ ᠥᠪᠥᠷ ᠮᠣᠩᠭᠤᠯ ᠤᠨ ᠳᠤᠮᠳᠠ ᠪᠠ | ᠵᠡᠭᠦᠨ ᠬᠡᠰᠡᠭ ᠤᠨ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠡᠮᠦᠨ᠎ᠡ ᠬᠡᠰᠡᠭ᠂ ᠬᠢᠩᠭᠠᠨ | ᠠᠶᠢᠮᠠᠭ ᠤᠨ ᠳᠤᠮᠳᠠ ᠪᠠ ᠬᠤᠶᠢᠲᠤ ᠬᠡᠰᠡᠭ᠂ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠳᠤᠮᠳᠠ ᠬᠡᠰᠡᠭ᠂ | ᠤᠯᠠᠭᠠᠨᠬᠠᠳᠠ ᠬᠤᠲᠠ ᠶᠢᠨ ᠳᠤᠮᠳᠠ ᠪᠠ ᠬᠤᠶᠢᠲᠤ ᠬᠡᠰᠡᠭ᠂ ᠤᠯᠠᠭᠠᠨᠴᠠᠪ ᠬᠤᠲᠠ ᠶᠢᠨ ᠴᠢᠶᠠᠨᠱᠠᠨ᠂ | ᠬᠥᠬᠡᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠬᠤᠶᠢᠲᠤ ᠬᠡᠰᠡᠭ ᠤᠨ ᠡᠷᠲᠡ ᠪᠣᠯᠪᠠᠰᠤᠷᠠᠬᠤ | ᠣᠷᠣᠨ ᠳᠤ ᠳᠠᠷᠢᠬᠤ ᠳᠤ ᠲᠣᠬᠢᠷᠠᠮᠵᠢᠲᠠᠢ ᠪᠠᠶᠢᠳᠠᠭ᠃ | |