2024 ᠣᠨ ᠤ ᠲᠠᠷᠢᠶ᠎ᠠ ᠦᠵᠡᠵᠦ ᠦᠷ᠎ᠡ ᠰᠤᠩᠭᠤᠬᠤ ᠡᠭᠦᠯᠳᠡᠷ ᠤᠨ ᠲᠠᠨᠢᠯᠴᠠᠭᠤᠯᠭ᠎ᠠ ︵ᠭᠤᠷᠪᠠ︶
ᠨᠡᠶᠢᠲᠡᠯᠡᠭᠰᠡᠨ ᠴᠠᠭ᠄
2024/5/7
   ᠡᠭᠦᠯᠳᠡᠷ ᠤᠨ ᠨᠡᠷᠡᠶᠢᠳᠦᠯ᠄ ᠯᠢ ᠾᠧ 819    ᠬᠢᠨᠠᠨ ᠲᠣᠭᠲᠠᠭᠠᠭᠰᠠᠨ ᠳ᠋ᠤᠭᠠᠷ᠄ ᠦᠪᠦᠷ ᠬᠢᠨᠠᠨ ᠰᠢᠰᠢ 2021004 ᠳ᠋ᠤᠭᠡᠷ ᠲᠣᠭᠠᠲᠤ    ᠰᠣᠩᠭᠤᠨ ᠪᠤᠶᠢᠵᠢᠭᠤᠯᠤᠭᠰᠠᠨ ᠨᠢᠭᠡᠴᠡ᠄ ᠱᠠᠨ ᠰᠢ ᠶᠢᠨ ᠯᠢᠮᠠ ᠭᠷᠠᠨᠲ ᠦᠷ᠎ᠡ ᠶᠢᠨ ᠠᠮᠤ ᠪᠤᠳᠠᠭᠠᠨ ᠤ ᠰᠤᠳᠤᠯᠤᠨ ᠨᠡᠭᠡᠭᠡᠬᠦ ᠬᠢᠵᠠᠭᠠᠷᠲᠤ ᠺᠣᠮᠫᠠᠨᠢ    ᠣᠨᠴᠠᠯᠢᠭ ᠰᠢᠨᠵᠢ᠄ ᠴᠢᠬᠢᠯᠡᠬᠦ ᠠᠴᠠ ᠪᠣᠯᠪᠠᠰᠤᠷᠠᠬᠤ ᠬᠦᠷᠲᠡᠯ᠎ᠡ 100 ᠡᠳᠦᠷ ᠣᠷᠴᠢᠮ ︔ ᠨᠢᠯᠬ᠎ᠠ ᠴᠢᠬᠢ ᠶᠢᠨ ᠨᠠᠪᠴᠢᠨ ᠤ ᠳᠤᠭᠲᠤᠢ ᠨᠢ ᠬᠦᠷᠡᠩ ᠥᠩᠭᠡᠲᠡᠢ᠂ ᠨᠠᠪᠴᠢᠨ ᠤ ᠢᠯᠲᠠᠰᠤ ᠨᠢ ᠨᠣᠭᠤᠭᠠᠨ᠂ ᠨᠠᠪᠴᠢᠨ ᠤ ᠬᠦᠪᠡᠭᠡ ᠨᠢ ᠨᠣᠭᠤᠭᠠᠨ᠂ ᠨᠢᠭᠡᠳᠦᠭᠡᠷ ᠨᠠᠪᠴᠢ ᠨᠢ ᠲᠣᠭᠤᠷᠢᠭ ᠬᠡᠯᠪᠡᠷᠢ ᠲᠠᠢ ︔ ᠡᠰᠢ ᠶᠢᠨ ᠬᠡᠯᠪᠡᠷᠢ ᠨᠢ ᠬᠠᠭᠠᠰ ᠨᠢᠭᠲᠠ᠂ ᠡᠰᠢ ᠨᠢ 290 ᠰᠠᠨᠲ᠋ᠢᠮᠧᠳ᠋ᠷ ᠥᠨᠳᠥᠷ᠂ ᠲᠦᠷᠦᠭᠦᠦ ᠶᠢᠨ ᠪᠠᠶᠢᠷᠢ ᠨᠢ 98 ᠰᠠᠨᠲ᠋ᠢᠮᠧᠳ᠋ᠷ ᠥᠨᠳᠥᠷ᠂ ᠪᠣᠯᠪᠠᠰᠤᠷᠠᠭᠰᠠᠨ ᠡᠰᠢ ᠶᠢᠨ ᠨᠠᠪᠴᠢᠨ ᠤ ᠲᠤᠭ᠎ᠠ ᠨᠢ 16 ~ 18 ᠬᠡᠰᠡᠭ᠂ ᠴᠡᠴᠡᠭ ᠤᠨ ᠡᠮ ᠨᠢ ᠭᠦᠢᠬᠡᠨ ᠪᠣᠷᠣ᠂ ᠴᠡᠴᠡᠭ ᠤᠨ ᠰᠢᠷᠬᠡᠭ ᠨᠢ ᠭᠦᠨ ᠪᠣᠷᠣ᠂ ᠡᠷ᠎ᠡ ᠲᠦᠷᠦᠭᠦᠦ ᠶᠢᠨ ᠨᠢᠭᠡᠳᠦᠭᠡᠷ ᠳᠡᠰ ᠤᠨ ᠰᠠᠯᠠᠭ᠎ᠠ ᠨᠢ 6 ~ 9 ᠪᠠᠶᠢᠳᠠᠭ ︔ ᠵᠢᠮᠢᠰ ᠤᠨ ᠲᠦᠷᠦᠭᠦᠦ ᠨᠢ ᠳᠤᠭᠤᠷᠢᠭ ᠬᠡᠯᠪᠡᠷᠢᠲᠡᠢ᠂ ᠲᠦᠷᠦᠭᠦᠦ ᠶᠢᠨ ᠲᠡᠩᠭᠡᠯᠢᠭ ᠨᠢ ᠤᠯᠠᠭᠠᠨ᠂ ᠲᠦᠷᠦᠭᠦᠦ ᠶᠢᠨ ᠣᠷᠳᠣ ᠨᠢ 21.0 ᠰᠠᠨᠲ᠋ᠢᠮᠧᠳ᠋ᠷ᠂ ᠲᠦᠷᠦᠭᠦᠦ ᠶᠢᠨ ᠪᠦᠳᠦᠭᠦᠨ ᠨᠢ 4.5 ᠰᠠᠨᠲ᠋ᠢᠮᠧᠳ᠋ᠷ᠂ ᠲᠦᠷᠦᠭᠦᠦ ᠶᠢᠨ ᠮᠥᠷ ᠨᠢ 12 ~ 14 ᠮᠥᠷ᠂ ᠮᠥᠷ ᠪᠦᠷᠢ ᠨᠢ 36.5 ᠮᠥᠬᠦᠯᠢᠭ᠂ ᠳᠠᠩ ᠲᠦᠷᠦᠭᠦᠦ ᠶᠢᠨ ᠮᠥᠬᠦᠯᠢᠭ ᠤᠨ ᠬᠦᠨᠳᠦ ᠨᠢ 145.0 ᠭᠷᠡᠮ᠂ ᠦᠷ᠎ᠡ ᠭᠠᠷᠬᠤ ᠨᠣᠷᠮ᠎ᠠ ᠨᠢ 85.5%︔ ᠮᠥᠬᠦᠯᠢᠭ ᠨᠢ ᠰᠢᠷ᠎ᠠ ᠥᠩᠭᠡᠲᠡᠢ᠂ ᠬᠠᠲᠠᠭᠤᠯᠢᠭ ᠦᠷ᠎ᠡ ᠬᠡᠯᠪᠡᠷᠢᠲᠡᠢ᠂ ᠵᠠᠭᠤᠨ ᠮᠥᠬᠦᠯᠢᠭ ᠤᠨ ᠬᠦᠨᠳᠦ ᠨᠢ 32.8 ᠭᠷᠡᠮ ᠪᠠᠶᠢᠳᠠᠭ᠃    ᠶᠠᠰᠤ ᠴᠢᠨᠠᠷ᠄ 2020 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ︵ᠬᠠᠷᠪᠢᠨ︶ ᠤᠨ ᠪᠠᠶᠢᠴᠠᠭᠠᠨ ᠬᠡᠮᠵᠢᠯᠲᠡ ᠳᠤ᠂ ᠮᠥᠬᠦᠯᠢᠭ ᠤᠨ ᠪᠦᠳᠦᠭᠦᠯᠢᠭ ᠤᠭᠤᠷᠠᠭ ᠨᠢ 9.25%᠂ ᠪᠦᠳᠦᠭᠦᠯᠢᠭ ᠥᠭᠡᠬᠦ ᠨᠢ 3.37%᠂ ᠪᠦᠳᠦᠭᠦᠯᠢᠭ ᠴᠠᠷᠳᠠᠭᠤᠯ ᠨᠢ 76.82%᠂ ᠯᠠᠶᠢᠰᠢᠨ ᠰᠢᠪᠲᠦᠷᠲᠦ ᠬᠦᠴᠢᠯ ᠨᠢ 0.25%᠂ ᠪᠠᠭᠲᠠᠭᠠᠮᠵᠢ ᠶᠢᠨ ᠬᠦᠨᠳᠦ ᠨᠢ 771 ᠭᠷᠡᠮ \ ᠯᠢᠳ᠋ᠷ ᠪᠠᠶᠢᠳᠠᠭ᠃    ᠲᠠᠷᠢᠯᠭ᠎ᠠ ᠶᠢᠨ ᠬᠢᠨᠠᠨ ᠲᠣᠭᠲᠠᠭᠠᠯᠲᠠ᠄ 2020 ᠣᠨ ᠳᠤ ᠭᠢᠷᠢᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠬᠥᠮᠥᠨ ᠤ ᠬᠦᠴᠦ ᠪᠠᠷ ᠳᠠᠷᠢᠬᠤ᠂ ᠬᠤᠷᠣᠬᠠᠢ ᠲᠤᠰᠴᠤ ᠡᠪᠡᠳᠴᠢᠨ ᠬᠤᠷᠣᠬᠠᠢ ᠶᠢ ᠡᠰᠡᠷᠭᠦᠴᠡᠬᠦ ᠬᠢᠨᠠᠨ ᠲᠣᠭᠲᠠᠭᠠᠯᠲᠠ ᠳᠤ᠂ ᠡᠰᠢ ᠢᠯᠵᠢᠷᠡᠬᠦ ᠡᠪᠡᠳᠴᠢᠨ ︵7.9%R︶᠂ ᠡᠷᠳᠡᠨᠢ ᠰᠢᠰᠢ ᠶᠢᠨ ᠮᠢᠩ ᠬᠤᠷᠤᠬᠠᠢ ︵3.1R︶ ᠶᠢ ᠡᠰᠡᠷᠭᠦᠴᠡᠵᠦ᠂ ᠮᠤᠷᠤᠢ ᠰᠫᠣᠷᠲᠦ ᠨᠠᠪᠴᠢᠨ ᠲᠣᠯᠪᠣᠲᠤ ᠡᠪᠡᠳᠴᠢᠨ ︵5MR︶ ᠢ ᠳᠤᠮᠳᠠ ᠵᠡᠷᠭᠡ ᠡᠰᠡᠷᠭᠦᠴᠡᠵᠦ᠂ ᠲᠣᠮᠣ ᠲᠣᠯᠪᠣᠲᠤ ᠡᠪᠡᠳᠴᠢᠨ ︵7S︶᠂ ᠰᠢᠷᠬᠡᠭ ᠬᠠᠷ᠎ᠠ ᠲᠦᠷᠦᠭᠦᠲᠦ ᠡᠪᠡᠳᠴᠢᠨ ︵36.6%S︶ ᠢ ᠨᠦᠯᠦᠭᠡᠯᠡᠳᠡᠭ᠃    ᠲᠣᠬᠢᠷᠠᠮᠵᠢᠲᠠᠢ ᠲᠠᠷᠢᠬᠤ ᠣᠷᠣᠨ ᠪᠦᠰᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠢᠯᠡᠬᠦ ᠠᠴᠠ ᠪᠣᠯᠪᠠᠰᠤᠷᠠᠬᠤ ≥10℃ ᠤᠨ ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ 2050℃ ᠠᠴᠠ ᠳᠡᠭᠡᠭᠰᠢᠬᠢ ᠭᠠᠵᠠᠷ ᠣᠷᠣᠨ ᠳᠤ ᠳᠠᠷᠢᠬᠤ ᠳᠤ ᠲᠣᠬᠢᠷᠠᠮᠵᠢᠲᠠᠢ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号