ᠨᠢᠭᠡ ᠳᠤ ᠰᠢᠯᠢᠳᠡᠭ ᠡᠭᠦᠯᠳᠡᠷ ᠢ ᠰᠣᠩᠭᠤᠵᠤ᠂ ᠰᠢᠨᠵᠢᠯᠡᠬᠦ ᠤᠬᠠᠭᠠᠨᠴᠢ ᠪᠠᠷ ᠡᠭᠦᠯᠳᠡᠷ ᠢ ᠪᠠᠶᠢᠷᠢᠯᠠᠭᠤᠯᠬᠤ | ᠬᠡᠷᠡᠭᠲᠡᠢ᠃ ᠪᠠᠶᠢᠭᠠᠯᠢ ᠶᠢᠨ ᠠᠮᠢ ᠠᠬᠤᠶ ᠪᠠ ᠦᠢᠯᠡᠳᠪᠦᠷᠢᠯᠡᠯ ᠤᠨ ᠨᠥᠬᠦᠴᠡᠯ ᠢ ᠦᠨᠳᠦᠰᠦᠯᠡᠨ᠂ ᠵᠦᠶ ᠵᠣᠬᠢᠰᠲᠠᠶ | ᠡᠭᠦᠯᠳᠡᠷ ᠢ ᠵᠣᠬᠢᠴᠠᠭᠤᠯᠤᠨ ᠲᠣᠬᠢᠷᠠᠭᠤᠯᠵᠤ᠂ ᠤᠯᠤᠰ ᠪᠤᠶᠤ ᠮᠤᠵᠢ ᠶᠢᠨ ᠱᠠᠲᠤᠨ ᠤ ᠬᠢᠨᠠᠨ ᠲᠣᠭᠲᠠᠭᠠᠯᠲᠠ ᠪᠠᠷ | ᠳᠡᠮᠵᠢᠨ᠂ ᠲᠤᠬᠠᠶ ᠶᠢᠨ ᠭᠠᠵᠠᠷ ᠤᠨ ᠲᠠᠷᠢᠮᠠᠯ ᠤᠨ ᠢᠯᠡᠷᠡᠯ ᠨᠢ ᠰᠢᠯᠢᠳᠡᠭ ᠰᠠᠶᠢᠨ᠂ ᠪᠣᠯᠪᠠᠰᠤᠷᠠᠬᠤ | ᠬᠤᠭᠤᠴᠠᠭᠠᠨ ᠳᠤ ᠲᠣᠬᠢᠷᠠᠮᠵᠢᠲᠠᠶ᠂ ᠡᠯᠪᠡᠭ ᠬᠤᠷᠢᠶᠠᠯᠲᠠ ᠣᠯᠵᠤ ᠤᠨᠠᠯᠲᠠ ᠶᠢ ᠲᠣᠭᠲᠠᠭᠤᠨ ᠪᠠᠶᠢᠯᠭᠠᠬᠤ | ᠴᠢᠨᠠᠷ ᠢᠶᠠᠷ ᠰᠠᠶᠢᠨ᠂ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠰᠥᠷᠬᠦ ᠴᠢᠨᠠᠷ ᠢᠶᠠᠷ ᠴᠢᠩᠭ᠎ᠠ᠂ | ᠨᠢᠭᠲᠠ ᠡᠰᠢ ᠨᠢᠷᠤᠭᠤᠨ ᠤ ᠳᠠᠭᠠᠭᠠᠴᠠ ᠨᠢ ᠰᠠᠶᠢᠨ᠂ ᠡᠪᠡᠳᠴᠢᠨ ᠬᠤᠷᠣᠬᠠᠶ ᠶᠢ ᠡᠰᠡᠷᠭᠦᠴᠡᠳᠡᠭ᠂ ᠮᠠᠰᠢᠨ ᠢᠶᠠᠷ | ᠠᠵᠢᠯᠯᠠᠬᠤ ᠳᠤ ᠬᠢᠯᠪᠠᠷ ᠰᠢᠯᠢᠳᠡᠭ ᠡᠷᠳᠡᠨᠢ ᠰᠢᠰᠢ ᠶᠢᠨ ᠡᠭᠦᠯᠳᠡᠷ ᠢ ᠰᠤᠩᠭᠤᠬᠤ ᠬᠡᠷᠡᠭᠲᠡᠢ᠃ ᠪᠠᠷᠠᠭᠤᠨ ᠬᠤᠶᠢᠨ᠎ᠡ᠂ | ᠪᠠᠷᠠᠭᠤᠨ ᠡᠮᠤᠨ᠎ᠠ ᠬᠡᠰᠡᠭ ᠤᠨ ᠰᠦᠯᠢᠶᠤᠤ ᠪᠦᠷᠬᠦᠪᠴᠢ ᠳᠤ ᠲᠠᠷᠢᠵᠤ ᠪᠤᠶᠢᠵᠢᠭᠤᠯᠬᠤ ᠤᠷᠤᠨ ᠳᠤ ᠶᠡᠷᠦ ᠳᠤ ᠪᠠᠨ | ᠨᠡᠯᠢᠶᠡᠳ ᠵᠠᠳᠠᠭᠠᠢ ᠭᠠᠵᠠᠷ ᠲᠤ ᠦᠷᠡᠵᠢᠯ ᠤᠨ ᠬᠤᠭᠤᠴᠠᠭ᠎ᠠ 10 ᠡᠳᠦᠷ ᠣᠷᠴᠢᠮ ᠤᠨ ᠡᠭᠦᠯᠳᠡᠷ ᠢ ᠲᠠᠷᠢᠳᠠᠭ᠃ | ᠦᠷ᠎ᠡ ᠶᠢᠨ ᠤᠭᠤᠲᠠ ᠶᠢ ᠰᠠᠶᠢᠲᠤᠷ ᠬᠢᠵᠦ᠂ ︽ᠴᠠᠭᠠᠨ ᠦᠷ᠎ᠡ︾ ᠲᠠᠷᠢᠬᠤ ᠶᠢ ᠡᠷᠡᠰ ᠬᠤᠷᠢᠭᠯᠠᠵᠤ᠂ | ᠨᠥᠬᠦᠴᠡᠯ ᠲᠠᠢ ᠨᠢ ᠡᠭᠡᠭᠡᠵᠦ ᠬᠠᠲᠠᠭᠠᠬᠤ ᠵᠡᠷᠭᠡ ᠦᠷ᠎ᠡ ᠶᠢ ᠰᠢᠢᠳᠪᠦᠷᠢᠯᠡᠬᠦ ᠠᠵᠢᠯ ᠢ ᠤᠷᠢᠳᠴᠢᠯᠠᠨ ᠬᠢᠬᠦ ᠬᠡᠷᠡᠭᠲᠡᠢ᠃ | | ᠬᠤᠶᠠᠷ ᠲᠤ ᠲᠥᠷᠥᠯ ᠬᠤᠪᠢᠶᠠᠨ ᠭᠠᠵᠠᠷ ᠲᠡᠭᠰᠢᠯᠡᠵᠦ᠂ ᠬᠤᠭᠤᠴᠠᠭ᠎ᠠ ᠶᠣᠰᠣᠭᠠᠷ ᠴᠢᠭᠢᠭ ᠨᠦᠢᠳᠠᠨ ᠢ | ᠦᠵᠡᠵᠦ ᠨᠠᠷᠢᠯᠢᠭ ᠲᠠᠷᠢᠬᠤ ᠬᠡᠷᠡᠭᠲᠡᠢ᠃ ᠤᠮᠠᠷᠠᠲᠤ ᠣᠷᠣᠨ ᠳᠤ ᠬᠠᠪᠤᠷ ᠤᠨ ᠭᠠᠵᠠᠷ ᠲᠡᠭᠰᠢᠯᠡᠬᠦ ᠦᠶᠡᠰ᠂ ᠲᠠᠷᠢᠶᠠᠨ | ᠭᠠᠵᠠᠷ ᠲᠠᠬᠢ ᠡᠰᠢ ᠰᠦᠷᠡᠯ ᠢ ᠭᠠᠵᠠᠷ ᠭᠡᠰᠬᠦ ᠠᠴᠠ ᠡᠮᠦᠨ᠎ᠡ ᠲᠠᠷᠢᠶᠠᠨ ᠭᠠᠵᠠᠷ ᠠᠴᠠ ᠰᠢᠯᠵᠢᠭᠦᠯᠦᠨ | ᠵᠥᠭᠡᠭᠡᠪᠦᠷᠢᠯᠡᠬᠦ ᠶᠢ ᠲᠦᠷᠭᠡᠳᠬᠡᠵᠦ᠂ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠭᠠᠯᠪᠤᠷᠢᠯᠠᠬᠤ | ᠥᠬᠡᠶ ᠪᠠᠷ ᠪᠦᠷᠬᠦᠬᠦ᠂ ᠵᠤᠷᠪᠤᠰᠯᠠᠨ ᠬᠠᠭᠠᠯᠪᠤᠷᠢᠯᠠᠨ ᠪᠦᠷᠬᠦᠬᠦ᠂ ᠬᠡᠮᠬᠡᠯᠡᠨ ᠬᠤᠯᠢᠵᠤ ᠲᠠᠷᠢᠶᠠᠨ ᠭᠠᠵᠠᠷ ᠲᠤ | ᠪᠤᠴᠠᠭᠠᠬᠤ ᠵᠡᠷᠭᠡ ᠡᠰᠢ ᠰᠦᠷᠡᠯ ᠢ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠤ᠂ ᠭᠠᠵᠠᠷ ᠭᠡᠰᠦᠭᠰᠡᠨ ᠤ ᠳᠠᠷᠠᠭ᠎ᠠ ᠴᠠᠭ | ᠲᠤᠬᠠᠶ ᠳᠤᠨᠢ ᠲᠤᠭᠤᠷᠢᠭᠤᠯᠤᠨ ᠬᠠᠭᠠᠯᠪᠤᠷᠢᠯᠠᠵᠤ ᠭᠤᠤᠷᠰᠤ ᠶᠢ ᠨᠢ ᠠᠷᠢᠯᠭᠠᠵᠤ᠂ ᠨᠥᠬᠦᠴᠡᠯ ᠲᠠᠢ ᠨᠢ ᠭᠠᠵᠠᠷ | ᠲᠡᠭᠰᠢᠯᠡᠬᠦ ᠲᠠᠢ ᠤᠶᠠᠯᠳᠤᠭᠤᠯᠤᠨ ᠣᠷᠭᠠᠨᠢᠭ ᠪᠣᠷᠳᠣᠭᠤᠷ ᠣᠷᠣᠭᠤᠯᠵᠤ ᠪᠣᠯᠣᠨ᠎ᠠ ︔ ᠨᠠᠮᠤᠷ ᠤᠨ ᠤᠯᠠᠷᠢᠯ ᠳᠤ | ᠭᠠᠵᠠᠷ ᠲᠡᠭᠰᠢᠯᠡᠬᠦ ᠳᠤ ᠴᠠᠭ ᠲᠤᠬᠠᠢ ᠳᠤᠨᠢ ᠴᠢᠭᠢᠭ ᠢ ᠬᠠᠮᠠᠭᠠᠯᠠᠨ ᠳᠠᠷᠢᠬᠤ ᠶᠢᠨ ᠬᠠᠮᠲᠤ ᠴᠠᠭ ᠲᠤᠬᠠᠢ ᠳᠤᠨᠢ | ᠳᠠᠷᠤᠰᠢᠭᠤᠯᠤᠨ᠂ ᠴᠢᠳᠠᠬᠤ ᠶᠢᠨ ᠳᠣᠲᠣᠷ᠎ᠠ ᠰᠢᠷᠣᠢ ᠪᠠᠭ᠎ᠠ ᠬᠥᠳᠡᠯᠭᠡᠵᠦ᠂ ᠤᠰᠤᠨ ᠤ ᠠᠭᠤᠷᠰᠢᠯᠲᠠ ᠶᠢ | ᠪᠠᠭᠠᠰᠬᠠᠨ᠎ᠠ ︔ ᠨᠢᠭᠡᠨᠲᠡ ᠳᠠᠷᠢᠬᠤ ᠪᠠᠷ ᠪᠠᠶᠢᠭ᠎ᠠ ᠪᠠᠶᠢᠳᠠᠯ ᠳᠤ ᠬᠦᠷᠦᠭᠰᠡᠨ᠂ ᠴᠢᠭᠢᠭ ᠤᠨ ᠪᠠᠶᠢᠳᠠᠯ ᠨᠢ | ᠲᠣᠬᠢᠷᠠᠭᠰᠠᠨ ᠮᠥᠷᠲᠡᠭᠡᠨ ᠭᠠᠵᠠᠷ ᠤᠨ ᠳᠤᠯᠠᠭᠠᠨ ᠨᠢ ᠳᠠᠷᠢᠬᠤ ᠨᠥᠬᠦᠴᠡᠯ ᠳᠤ ᠬᠦᠷᠦᠭᠰᠡᠨ ᠪᠠᠶᠢᠪᠠᠯ ᠴᠠᠭ ᠲᠤᠨᠢ | ᠲᠣᠬᠢᠷᠠᠭᠤᠯᠤᠨ ᠡᠷᠲᠡ ᠳᠠᠷᠢᠵᠤ ᠵᠠᠪᠳᠤᠨ ᠳᠠᠷᠢᠵᠤ᠂ ᠮᠠᠰᠢᠨ ᠢᠶᠠᠷ ᠨᠠᠷᠢᠯᠢᠭ ᠳᠠᠷᠢᠬᠤ ᠬᠡᠷᠡᠭᠲᠡᠢ᠃ ᠭᠠᠩ ᠬᠠᠭᠤᠷᠠᠢ | ᠭᠠᠵᠠᠷ ᠲᠤ ᠴᠠᠭ ᠲᠤᠨᠢ ᠲᠣᠬᠢᠷᠠᠭᠤᠯᠤᠨ ︽ᠴᠢᠬᠢᠭ ᠢ ᠪᠤᠯᠢᠶᠠᠯᠳᠤᠬᠤ︾᠂ ᠭᠦᠨ ᠲᠠᠷᠢᠵᠤ ᠭᠦᠢᠬᠡᠨ ᠪᠦᠷᠬᠦᠬᠦ ︽ | ᠴᠢᠬᠢᠭ ᠢ ᠵᠣᠯᠭᠠᠭᠤᠯᠬᠤ︾᠂ ᠤᠰᠤᠳᠤᠬᠤ ︵ᠱᠦᠭᠦᠭᠦ︶ ︽ᠴᠢᠬᠢᠭ ᠢ ᠨᠡᠮᠡᠭᠳᠡᠭᠦᠯᠬᠦ︾ ᠪᠠᠷ ᠲᠠᠷᠢᠬᠤ ᠵᠡᠷᠭᠡ ᠶᠢ | ᠬᠡᠷᠡᠭᠯᠡᠵᠦ᠂ ᠨᠥᠬᠦᠴᠡᠯ ᠢ ᠪᠦᠷᠢᠯᠳᠦᠭᠦᠯᠦᠭᠡᠳᠦᠶ ᠨᠢ ᠤᠤᠯ ᠤᠨ ᠳᠠᠯᠠᠩ ᠳᠤ ᠲᠠᠷᠢᠵᠤ ᠪᠣᠯᠤᠨ᠎ᠠ ︔ ᠬᠠᠪᠤᠷ ᠤᠨ | ᠤᠰᠤᠲᠤᠯ ᠲᠠᠢ ᠭᠠᠵᠠᠷ ᠢ ᠡᠷᠲᠡᠬᠡᠨ ᠴᠡᠪᠡᠷᠯᠡᠨ ᠬᠠᠲᠠᠭᠠᠵᠤ᠂ ᠳᠠᠯᠠᠩ ᠢ ᠤᠷᠪᠠᠭᠤᠯᠤᠨ ᠴᠢᠭᠢᠭ ᠢ ᠲᠡᠭᠳᠡᠭᠡᠵᠦ᠂ | ᠭᠠᠵᠠᠷ ᠢ ᠬᠠᠳᠠᠭᠠᠭᠰᠠᠨ ᠤ ᠳᠠᠷᠠᠭ᠎ᠠ ᠴᠠᠭ ᠲᠤᠨᠢ ᠲᠣᠬᠢᠷᠠᠭᠤᠯᠤᠨ ᠭᠦᠢᠬᠡᠨ ᠲᠠᠷᠢᠬᠤ ᠬᠡᠷᠡᠭᠲᠡᠢ᠃ | ᠭᠤᠷᠪᠠ ᠳᠤ ᠵᠦᠢ ᠵᠣᠬᠢᠰᠲᠠᠢ ᠨᠢᠭᠳᠠ ᠳᠠᠷᠢᠵᠤ᠂ ᠥᠨᠳᠥᠷ ᠤᠨᠠᠯᠲᠠ ᠲᠠᠢ ᠰᠦᠷᠦᠭᠵᠢᠯ ᠢ ᠪᠠᠶᠢᠭᠤᠯᠬᠤ | ᠬᠡᠷᠡᠭᠲᠡᠢ᠃ ᠲᠠᠷᠢᠶᠠᠯᠠᠬᠤ ᠳᠠᠪᠬᠤᠷᠯᠢᠭ ᠤᠨ 0 - 10 ᠰᠡᠨᠲ᠋ᠢᠮᠧᠲ᠋ᠧᠷ ᠤᠨ ᠭᠠᠵᠠᠷ ᠤᠨ ᠳᠤᠯᠠᠭᠠᠨ ᠲᠣᠭᠲᠠᠭᠤᠨ ᠢᠶᠠᠷ | 10 ᠭᠷᠠᠳᠦ᠋ᠰ ᠬᠦᠷᠬᠦ ᠳᠤ ᠳᠠᠷᠤᠶ ᠳᠠᠷᠢᠵᠤ ᠪᠣᠯᠤᠨ᠎ᠠ᠂ ᠡᠯ᠎ᠡ ᠭᠠᠵᠠᠷ ᠤᠨ ᠠᠮᠢ ᠠᠬᠤᠶ ᠶᠢᠨ ᠨᠥᠬᠦᠴᠡᠯ᠂ | ᠡᠭᠦᠯᠳᠡᠷ ᠤᠨ ᠣᠨᠴᠠᠯᠢᠭ᠂ ᠬᠥᠷᠥᠰᠥ ᠰᠢᠷᠣᠶ ᠶᠢᠨ ᠥᠩ ᠰᠢᠮᠡᠯᠢᠭ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠶᠢ | ᠦᠨᠳᠦᠰᠦᠯᠡᠨ ᠲᠠᠷᠢᠮᠠᠯ ᠤᠨ ᠨᠢᠭᠲᠠᠴᠠ ᠶᠢ ᠵᠦᠶ ᠵᠣᠬᠢᠰᠲᠠᠶ ᠲᠣᠭᠲᠠᠭᠠᠵᠤ᠂ ᠵᠣᠬᠢᠬᠤ ᠬᠡᠮᠵᠢᠶ᠎ᠡ ᠪᠠᠷ ᠨᠢᠭᠲᠠ | ᠲᠠᠷᠢᠨ᠎ᠠ᠃ ᠵᠡᠭᠦᠨ ᠬᠤᠶᠢᠲᠤ ᠣᠷᠣᠨ ᠪᠠ ᠪᠠᠷᠠᠭᠤᠨ ᠬᠤᠶᠢᠲᠤ ᠣᠷᠣᠨ ᠤ ᠬᠠᠭᠤᠷᠠᠶ ᠲᠠᠷᠢᠶᠠᠯᠠᠭ᠎ᠠ ᠶᠢᠨ ᠣᠷᠣᠨ ᠤ | ᠡᠩ ᠤᠨ ᠭᠠᠵᠠᠷ ᠤᠨ ᠮᠥ ᠪᠦᠷᠢ ᠶᠢᠨ ᠴᠢᠬᠢ ᠶᠢ 4000-4500 ᠰᠠᠭᠤᠷᠢ ᠬᠠᠮᠠᠭᠠᠯᠠᠵᠤ᠂ ᠭᠠᠵᠠᠷ ᠲᠡᠭᠰᠢᠯᠡᠵᠦ | ᠳᠠᠷᠢᠬᠤ ᠶᠠᠰᠤ ᠴᠢᠨᠠᠷ ᠢᠶᠠᠷ ᠥᠨᠳᠥᠷ᠂ ᠨᠢᠭᠲᠠ ᠳᠤ ᠳᠠᠭᠠᠭᠠᠴᠠ ᠲᠠᠢ ᠥᠨᠳᠥᠷ ᠤᠨᠠᠯᠲᠠ ᠲᠠᠢ ᠡᠷᠳᠡᠨᠢ ᠰᠢᠰᠢ ᠶᠢᠨ | ᠡᠭᠦᠯᠳᠡᠷ ᠮᠥᠷᠲᠡᠭᠡᠨ ᠪᠣᠷᠲᠣᠭᠤᠷ ᠤᠰᠤᠨ ᠤ ᠬᠠᠩᠭᠠᠯᠭ᠎ᠠ ᠭᠦᠢᠴᠡᠳ᠂ ᠦᠢᠯᠡᠳᠪᠦᠷᠢᠯᠡᠯ ᠤᠨ ᠨᠥᠬᠦᠴᠡᠯ ᠨᠢ | ᠪᠦᠬᠦᠯᠢ ᠴᠣᠭᠴᠠ ᠪᠠᠷ ᠢᠶᠠᠨ ᠨᠡᠯᠢᠶᠡᠳ ᠰᠠᠶᠢᠨ ᠲᠠᠷᠢᠶᠠᠨ ᠭᠠᠵᠠᠷ ᠢ ᠰᠣᠩᠭᠤᠨ ᠬᠡᠷᠡᠭᠯᠡᠵᠦ᠂ ᠮᠥ ᠪᠦᠷᠢ ᠶᠢᠨ | ᠴᠢᠬᠢ ᠶᠢ ᠬᠠᠮᠠᠭᠠᠯᠠᠬᠤ ᠨᠢᠭᠲᠠᠴᠠ ᠶᠢ 5000 ᠰᠠᠭᠤᠷᠢ ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ ᠪᠣᠯᠤᠨ᠎ᠠ᠃ | ᠳᠥᠷᠪᠡ ᠳᠤ ᠡᠪᠡᠳᠴᠢᠨ ᠬᠤᠷᠣᠬᠠᠶ ᠡᠪᠡᠰᠦ ᠶᠢ ᠰᠡᠷᠭᠡᠶᠢᠯᠡᠨ ᠡᠵᠡᠮᠳᠡᠵᠦ᠂ ᠬᠤᠬᠢᠷᠠᠯ ᠢ ᠪᠠᠭᠠᠰᠬᠠᠨ ᠶᠠᠰᠤ | ᠴᠢᠨᠠᠷ ᠢ ᠳᠡᠭᠡᠭᠰᠢᠯᠡᠭᠦᠯᠦᠨ ᠤᠨᠠᠯᠲᠠ ᠪᠠᠨ ᠨᠡᠮᠡᠭᠳᠡᠭᠦᠯᠬᠦ ᠬᠡᠷᠡᠭᠲᠡᠢ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ | ᠡᠷᠳᠡᠨᠢ ᠰᠢᠰᠢ ᠶᠢᠨ ᠡᠪᠡᠳᠴᠢᠨ ᠬᠤᠷᠣᠬᠠᠶ ᠶᠢᠨ ᠭᠠᠮᠰᠢᠭ ᠶᠡᠷᠦᠩᠬᠡᠶ ᠳᠡᠭᠡᠨ ᠬᠦᠨᠳᠦ ᠰᠢᠭ᠃ ᠪᠠᠷᠠᠭᠤᠨ ᠬᠤᠶᠢᠲᠤ | ᠣᠷᠣᠨ ᠳᠤ ᠭᠠᠵᠠᠷ ᠳᠣᠤᠷᠠᠬᠢ ᠬᠥᠨᠥᠭᠡᠯᠲᠦ ᠬᠤᠷᠣᠬᠠᠶ᠂ ᠪᠠᠭᠠᠷᠠᠩ ᠬᠤᠷᠣᠬᠠᠶ᠂ ᠨᠠᠪᠴᠢᠲᠤ ᠬᠠᠴᠢᠭ᠂ | ᠬᠥᠪᠥᠩ ᠤᠨ ᠬᠤᠷᠣᠬᠠᠶ᠂ ᠡᠷᠳᠡᠨᠢ ᠰᠢᠰᠢ ᠶᠢᠨ ᠮᠢᠩ ᠬᠤᠷᠣᠬᠠᠶ᠂ ᠡᠰᠢ ᠢᠯᠵᠢᠷᠡᠬᠦ ᠡᠪᠡᠳᠴᠢᠨ᠂ ᠶᠡᠭᠡ ᠲᠣᠯᠪᠣᠲᠤ | ᠡᠪᠡᠳᠴᠢᠨ ᠵᠡᠷᠭᠡ ᠡᠪᠡᠳᠴᠢᠨ ᠬᠤᠷᠣᠬᠠᠶ ᠶᠢᠨ ᠬᠥᠨᠥᠭᠡᠯ ᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃ | ᠡᠪᠡᠳᠴᠢᠨ ᠢ ᠡᠰᠡᠷᠭᠦᠴᠡᠵᠦ ᠰᠥᠷᠬᠦ ᠶᠢ ᠡᠰᠡᠷᠭᠦᠴᠡᠬᠦ ᠡᠭᠦᠯᠳᠡᠷ ᠵᠢᠴᠢ ᠴᠢᠨᠠᠷ ᠰᠠᠶᠢᠲᠠᠶ ᠪᠣᠭᠤᠳᠠᠯᠯᠠᠬᠤ ᠦᠷ᠎ᠡ ᠶᠢ | ᠬᠡᠷᠡᠭᠯᠡᠵᠦ᠂ ᠴᠢᠬᠤᠯᠠ ᠲᠠᠢ ᠦᠶ᠎ᠡ ᠳᠤ ᠬᠠᠨᠳᠤᠯᠭᠠᠲᠤ ᠴᠢᠨᠠᠷᠲᠠᠶ ᠪᠠᠷ ᠬᠤᠶᠠᠳᠠᠬᠢ ᠤᠳᠠᠭ᠎ᠠ ᠨᠠᠷᠢᠯᠢᠭ ᠣᠨᠣᠴᠠᠲᠠᠶ | ᠪᠣᠭᠤᠳᠠᠯᠯᠠᠵᠤ ᠪᠣᠯᠤᠨ᠎ᠠ᠃ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠲᠠᠢ ᠤᠶᠠᠯᠳᠤᠭᠤᠯᠤᠨ ᠪᠤᠵᠠᠷ | ᠡᠪᠡᠰᠦ ᠶᠢ ᠰᠡᠷᠭᠡᠶᠢᠯᠡᠨ ᠡᠵᠡᠮᠳᠡᠵᠦ᠂ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠭ᠎ᠠ ᠭᠠᠵᠠᠷ ᠲᠤ | ︽ᠨᠢᠭᠡ ᠪᠢᠲᠡᠭᠦᠮᠵᠢᠯᠡᠨ ᠨᠢᠭᠡ ᠠᠯᠠᠬᠤ︾ ᠠᠷᠭ᠎ᠠ ᠶᠢ ᠬᠡᠷᠡᠭᠯᠡᠬᠦ ᠬᠡᠷᠡᠭᠲᠡᠢ ︔ ᠬᠥᠷᠥᠰᠥᠨ ᠤ ᠴᠢᠭᠢᠭ ᠤᠨ ᠪᠠᠶᠢᠳᠠᠯ | ᠠᠨᠠᠶ᠂ ᠬᠤᠷ᠎ᠠ ᠪᠣᠷᠣᠭᠠᠨ ᠪᠠᠭ᠎ᠠ᠂ ᠡᠯᠡᠰᠦᠷᠬᠡᠭ ᠭᠠᠵᠠᠷ ᠲᠤ ︽ᠨᠢᠭᠡ ᠠᠯᠠᠵᠤ ᠨᠢᠭᠡ ᠨᠥᠬᠦᠪᠥᠷᠢᠯᠡᠬᠦ︾ ᠶᠢ | ᠬᠡᠷᠡᠭᠵᠢᠭᠦᠯᠬᠦ ᠬᠡᠷᠡᠭᠲᠡᠢ᠃ ᠡᠪᠡᠳᠴᠢᠨ ᠬᠤᠷᠣᠬᠠᠶ ᠡᠪᠡᠰᠦᠨ ᠤ ᠭᠠᠮᠰᠢᠭ ᠡᠭᠦᠰᠬᠦ ᠪᠠᠶᠢᠳᠠᠯ ᠢ ᠬᠢᠨᠠᠨ ᠬᠡᠮᠵᠢᠵᠦ | ᠰᠡᠷᠡᠮᠵᠢᠯᠡᠭᠦᠯᠬᠦ ᠶᠢ ᠴᠢᠩᠭᠠᠳᠬᠠᠨ᠂ ᠨᠢᠭᠡᠳᠦᠯᠲᠡᠶ ᠰᠡᠷᠭᠡᠶᠢᠯᠡᠨ ᠵᠠᠰᠠᠬᠤ᠂ ︽ᠨᠢᠭᠡ ᠰᠦᠷᠴᠢᠨ ᠣᠯᠠᠨ ᠠᠬᠢᠭᠤᠯᠬᠤ︾ | ᠵᠡᠷᠭᠡ ᠶᠢ ᠴᠠᠭ ᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃ |