ᠲᠦᠴᠢᠦᠸᠠᠨ ᠰᠢᠶᠠᠨ ᠤ ᠴᠦᠨ ᠵᠸᠤ ᠶᠢᠨ ᠡᠷᠲᠡᠨ ᠤ ᠬᠤᠲᠠ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠣᠯᠠᠨ ᠤ ᠬᠦᠷᠢᠶᠡᠯᠡᠯ ᠢ ᠤᠯᠤᠨ᠎ᠠ
ᠨᠡᠶᠢᠲᠡᠯᠡᠭᠰᠡᠨ ᠴᠠᠭ᠄
2024/5/7
   ᠤᠷᠢᠬᠠᠨ ᠰᠠᠯᠬᠢ ᠡᠶᠡᠪᠡᠷᠭᠦᠦ ᠤᠭᠳᠠᠷᠭᠤᠢ ᠲᠤᠩᠭᠠᠯᠠᠭ ᠪᠠᠶᠢᠵᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠪᠤᠤ ᠱᠢ ᠪᠠᠯᠭᠠᠰᠤᠨ ᠤ ᠴᠦᠨ ᠵᠸᠤ ᠶᠢᠨ ᠡᠷᠲᠡᠨ ᠤ ᠬᠤᠳᠠ ᠳᠤ ᠵᠤᠭᠠᠴᠠᠭᠰᠠᠳ ᠰᠦᠯᠵᠢᠯᠳᠦᠨ᠎ᠡ᠃ 5 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠠᠴᠠ ᠳᠠᠭᠠᠭᠠᠴᠢᠯᠠᠨ ᠡᠷᠬᠢᠯᠡᠭᠰᠡᠨ ︽ᠵᠡᠭᠦᠳᠦᠨ ᠳᠡᠭᠡᠨ ᠴᠦᠨ ᠵᠧᠦ ᠬᠦᠷᠴᠦ ᠤᠯᠤᠰ ᠤᠨ ᠤᠷᠤᠰᠬᠠᠯ ᠲᠠᠢ ᠠᠭᠤᠯᠵᠠᠬᠤ︾ ᠭᠡᠬᠦ ᠡᠷᠲᠡᠨ ᠤ ᠬᠡᠪ ᠨᠠᠮᠪᠠ ᠶᠢᠨ ᠬᠦᠷᠢᠶᠡᠯᠡᠩ ᠤᠨ ᠵᠤᠭᠠᠴᠠᠯ ᠤᠨ ᠴᠤᠭᠯᠠᠭᠠᠨ ᠤ ᠠᠵᠢᠯᠯᠠᠭ᠎ᠠ ᠠᠳᠡ ᠶᠠᠪᠤᠭᠳᠠᠵᠤ᠂ ᠥᠷᠭᠡᠨ ᠤᠯᠠᠨ ᠵᠤᠭᠠᠴᠠᠭᠰᠠᠳ ᠲᠤ ᠤᠯᠠᠨ ᠠᠴᠠ ᠣᠨᠴᠠᠭᠠᠢ ᠨᠢᠭᠡ ᠤᠳᠠᠭᠠᠨ ᠤ ︽ᠰᠢᠪᠲᠤᠯᠤᠯᠲᠠ︾ ᠶᠢᠨ ᠠᠶᠠᠯᠠᠯ ᠢ ᠨᠡᠭᠡᠭᠡᠵᠦ ᠥᠭᠴᠡᠢ᠃    ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠭᠤᠶᠤ ᠰᠠᠶᠢᠬᠠᠨ ︽ᠠᠷᠪᠠᠨ ᠬᠤᠶᠠᠷ ᠴᠡᠴᠡᠭ ᠤᠨ ᠰᠠᠬᠢᠭᠤᠯᠰᠤᠨ︾ ︽ᠵᠢᠷᠤᠮᠲᠤ ᠪᠠᠭᠠᠲᠤᠷ ᠵᠠᠩᠵᠤᠨ︾ ᠪᠤᠯᠵᠤ᠂ ᠵᠤᠭᠠᠴᠠᠭᠰᠠᠳ ᠲᠤ ᠭᠤᠶᠢᠳᠠ ᠰᠠᠶᠢᠬᠠᠨ ᠪᠥᠵᠢᠭ ᠤᠨ ᠲᠦᠷᠢ ᠪᠠᠶᠢᠳᠠᠯ ᠪᠣᠯᠤᠨ ᠴᠠᠭ ᠣᠷᠣᠨ ᠵᠠᠢ ᠶᠢ ᠲᠤᠭᠤᠯᠤᠭᠰᠠᠨ ᠭᠠᠶᠢᠬᠠᠮᠰᠢᠭᠲᠤ ᠦᠯᠢᠭᠡᠷ ᠢ ᠠᠪᠴᠢᠷᠠᠭᠰᠠᠨ ᠪᠠᠶᠢᠨ᠎ᠠ᠃ ᠵᠤᠭᠠᠴᠠᠭᠰᠠᠳ ᠬᠢᠲᠠᠳ ᠬᠤᠪᠴᠠᠰᠤ ᠪᠠᠨ ᠡᠮᠦᠰᠦᠨ ︽ᠡᠷᠲᠡᠨ ᠤ ᠬᠥᠮᠦᠨ︾ ᠪᠣᠯᠵᠣ᠂ ᠬᠤᠲᠠ ᠪᠠᠷ ᠵᠤᠭᠠᠴᠠᠨ ᠦᠵᠡᠮᠵᠢ ᠰᠣᠨᠢᠷᠬᠠᠵᠤ᠂ ᠰᠡᠭᠦᠳᠡᠷ ᠲᠠᠲᠠᠵᠤ ᠳᠤᠷᠠᠰᠬᠠᠯ ᠦᠯᠡᠳᠡᠭᠡᠪᠡ᠃ ᠥᠪᠡᠷᠮᠢᠴᠡ ᠣᠨᠴᠠᠯᠢᠭ ᠲᠠᠢ ᠵᠤᠭᠠᠴᠠᠯ ᠤᠨ ᠦᠵᠡᠭᠦᠯᠦᠯᠭᠡ ᠶᠢᠨ ᠲᠣᠭᠯᠠᠯᠲᠠ᠂ ᠲᠤᠬᠠᠢ ᠶᠢᠨ ᠲᠠᠯᠠᠪᠠᠢ ᠶᠢᠨ ᠦᠢᠯᠡᠳᠦᠯᠴᠡᠯ ᠨᠢ ᠲᠦᠴᠢᠦᠸᠠᠨ ᠰᠢᠶᠠᠨ ᠤ ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠵᠤᠭᠠᠴᠠᠯ ᠤᠨ ᠡᠬᠢ ᠪᠠᠶᠠᠯᠢᠭ ᠪᠣᠯᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠡᠢ᠃    ︽ᠥᠨᠥᠳᠦᠷ ᠴᠦᠨ ᠵᠸᠤ ᠶᠢᠨ ᠡᠷᠲᠡᠨ ᠤ ᠬᠤᠲᠠ ᠳᠤ ᠢᠷᠡᠭᠡᠳ ᠶᠡᠬᠡᠳᠡ ᠰᠡᠳᠬᠢᠯ ᠳᠣᠭᠳᠣᠯᠵᠤ᠂ ᠪᠥᠵᠢᠭ ᠤᠨ ᠲᠣᠭᠯᠠᠯᠲᠠ ᠶᠢ ᠰᠣᠨᠢᠷᠬᠠᠭᠰᠠᠨ ᠢᠶᠠᠷ ᠪᠠᠷᠠᠬᠤ ᠦᠭᠡᠶ ᠪᠠᠰᠠ ᠬᠢᠲᠠᠳ ᠬᠤᠪᠴᠠᠰᠤ ᠶᠢ ᠪᠡᠶ᠎ᠡ ᠪᠠᠷ ᠢᠶᠠᠨ ᠡᠮᠦᠰᠴᠦ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠵᠦ᠂ ᠨᠠᠳᠠ ᠳᠤ ᠰᠠᠶᠢᠨ ᠰᠠᠶᠢᠬᠠᠨ ᠳᠤᠷᠠᠳᠬᠠᠯ ᠦᠯᠡᠳᠡᠭᠡᠵᠡᠶ︾ ᠭᠡᠵᠦ ᠵᠤᠭᠠᠴᠠᠭᠴᠢ ᠴᠢ ᠴᠦᠨ ᠶᠢᠩ ᠬᠡᠯᠡᠪᠡ᠃    ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ᠂ ᠵᠤᠭᠠᠴᠠᠭᠰᠠᠳ ᠲᠡᠦᠬᠡ ᠶᠢᠨ ᠳᠤᠷᠠᠰᠬᠠᠯᠲᠤ ᠵᠦᠢᠯᠡᠰ ᠢ ᠰᠣᠨᠢᠷᠬᠠᠵᠤ᠂ ᠬᠤᠪᠢᠰᠬᠠᠯ ᠤᠨ ᠦᠯᠢᠭᠡᠷ ᠢ ᠰᠣᠨᠣᠰᠴᠤ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠬᠥᠭᠵᠢᠯᠲᠡ ᠶᠢᠨ ᠰᠤᠳᠠᠰᠤ ᠶᠢ ᠭᠦᠨᠵᠡᠭᠡᠢ ᠣᠶᠢᠯᠠᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠭᠠᠷ ᠢᠶᠠᠷ ᠦᠢᠯᠡᠳᠬᠦ ᠬᠤᠷᠰᠢᠶ᠎ᠠ ᠶᠢᠨ ᠨᠢᠭᠡ ᠥᠨᠴᠥᠭ ᠲᠤ᠂ ᠦᠨᠦᠷᠲᠦ ᠡᠳ᠋᠂ ᠲᠤᠰᠤᠨ ᠴᠠᠭᠠᠰᠤᠨ ᠰᠢᠬᠦᠷ᠂ ᠬᠤᠸᠠᠷ ᠴᠡᠴᠡᠭ ᠤᠨ ᠳᠡᠪᠢᠭᠦᠷ᠂ ᠬᠤᠸᠠᠷ ᠲᠠᠢ ᠲᠣᠯᠣᠭᠠᠢ ᠶᠢᠨ ᠵᠠᠰᠠᠯ ᠵᠡᠷᠭᠡ ᠤᠯᠠᠨ ᠵᠦᠢᠯ ᠤᠨ ᠭᠠᠷ ᠤᠷᠠᠯᠠᠯ ᠤᠨ ᠠᠵᠢᠯᠯᠠᠭ᠎ᠠ ᠨᠢ ᠮᠠᠰᠢ ᠰᠣᠨᠢᠷᠬᠠᠯᠲᠠᠢ ᠪᠠᠶᠢᠵᠤ᠂ ᠵᠤᠭᠠᠴᠠᠭᠰᠠᠳ ᠲᠤ ᠨᠢᠭᠡ ᠤᠳᠠᠭᠠᠨ ᠤ ᠦᠵᠡᠵᠦ ᠰᠣᠨᠣᠰᠬᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠨ ᠥᠭᠴᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠤᠯᠠᠮ ᠥᠳᠬᠡᠷᠡᠭᠦᠯᠪᠡ᠃       ︽ᠮᠠᠨ ᠤ ᠰᠤᠷᠭᠠᠭᠤᠯᠢ ᠥᠩᠭᠡᠷᠡᠭᠰᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠡᠷᠭᠢᠯᠡᠵᠦ ᠥᠩᠭᠡᠷᠡᠵᠡᠶ᠂ ᠠᠳᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠪᠠᠶᠢᠬᠤ ᠶᠢ ᠮᠡᠳᠡᠭᠰᠡᠨ ᠤ ᠳᠠᠷᠠᠭ᠎ᠠ ᠪᠢ ᠠᠪᠤ ᠡᠵᠢ ᠲᠠᠢ ᠪᠠᠨ ᠬᠠᠮᠳᠤ ᠠᠳᠡ ᠢᠷᠡᠵᠦ ᠪᠣᠳᠠᠰ ᠤᠨ ᠪᠤᠰᠤ ᠰᠣᠶᠣᠯ ᠤᠨ ᠥᠪ ᠤᠨ ᠮᠡᠷᠭᠡᠵᠢᠯ ᠢ ᠲᠤᠷᠰᠢᠵᠤ ᠦᠵᠡᠵᠡᠶ︾ ᠭᠡᠵᠦ ᠵᠤᠭᠠᠴᠠᠭᠴᠢ ᠯᠢ ᠵᠧᠩ ᠰᠢ ᠬᠡᠯᠡᠪᠡ᠃    ᠡᠷᠲᠡᠨ ᠤ ᠬᠡᠪ ᠨᠠᠮᠪᠠ ᠶᠢᠨ ᠣᠷᠣᠨ ᠳᠤ᠂ ᠵᠤᠭᠠᠴᠠᠭᠰᠠᠳ ᠠᠯᠬᠤᠮ ᠢᠶᠠᠨ ᠵᠣᠭᠰᠣᠵᠤ ᠰᠡᠭᠦᠳᠡᠷ ᠲᠠᠲᠠᠨ᠎ᠠ᠃ ᠯᠦᠩ ᠮᠧᠨ ᠵᠣᠴᠢᠳ ᠤᠨ ᠪᠠᠭᠤᠳᠠᠯ᠂ ᠡᠷᠲᠡᠨ ᠤ ᠬᠡᠪ ᠨᠠᠮᠪᠠ ᠶᠢᠨ ᠤᠷᠳᠤ ᠬᠤᠩᠭᠢᠯ᠂ ᠪᠠᠶᠢᠯᠳᠤᠭᠠᠨ ᠤ ᠬᠡᠩᠭᠡᠷᠭᠡ ᠶᠢ ᠴᠣᠬᠢᠬᠤ᠂ ᠬᠦᠰᠡᠯ ᠤᠨ ᠮᠣᠳᠣ᠂ ᠵᠤᠤᠬᠠᠨ ᠳᠤ ᠴᠠᠢ ᠴᠢᠨᠠᠬᠤ ᠵᠡᠷᠭᠡ ᠦᠵᠡᠭᠳᠡᠯ ᠨᠢ ᠬᠥᠮᠦᠰ ᠤᠨ ᠠᠩᠬᠠᠷᠤᠯ ᠢ ᠲᠠᠲᠠᠨ᠎ᠠ᠃ ᠵᠤᠭᠠᠴᠠᠭᠰᠠᠳ ᠲᠤ ᠨᠡᠩ ᠰᠠᠶᠢᠨ ᠵᠤᠭᠠᠴᠠᠨ ᠨᠠᠭᠠᠳᠬᠤ ᠰᠡᠳᠬᠢᠴᠡ ᠲᠠᠢ ᠪᠣᠯᠭᠠᠬᠤ ᠶᠢᠨ ᠲᠥᠯᠥᠭᠡ᠂ ᠴᠦᠨ ᠵᠸᠤ ᠶᠢᠨ ᠡᠷᠲᠡᠨ ᠤ ᠬᠤᠳᠠ ᠳᠤ ᠪᠠᠰᠠ ᠠᠮᠲᠠᠲᠤ ᠢᠳᠡᠭᠡᠨ᠂ ᠨᠤᠲᠤᠭ ᠤᠨ ᠣᠨᠴᠠ ᠭᠠᠷᠤᠯᠲᠠ᠂ ᠰᠣᠷᠭᠤᠭ ᠴᠡᠴᠡᠭ᠂ ᠵᠢᠮᠢᠰ᠂ ᠤᠮᠳᠠᠭᠠᠨ ᠵᠡᠷᠭᠡ ᠭᠠᠵᠠᠷ ᠢ ᠲᠤᠬᠢᠷᠠᠭᠤᠯᠵᠤ ᠵᠤᠭᠠᠴᠠᠭᠰᠠᠳ ᠤᠨ ᠰᠣᠩᠭᠤᠯᠲᠠ ᠳᠤ ᠵᠣᠷᠢᠭᠤᠯᠤᠭᠰᠠᠨ ᠪᠠᠶᠢᠨ᠎ᠠ᠃    ︽ᠮᠠᠨ ᠤ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ︿ᠲᠠᠪᠤᠨ ᠰᠠᠷ᠎ᠠ ᠶᠢᠨ ᠨᠢᠭᠡᠨ﹀ ᠤ ᠭᠤᠣᠯ ᠰᠡᠳᠦᠪᠲᠦ ᠠᠵᠢᠯᠯᠠᠭ᠎ᠠ᠂ ᠦᠵᠡᠰᠬᠦᠯᠡᠩ ᠦᠵᠡᠬᠦ᠂ ᠲᠠᠶᠢᠯᠤᠮᠵᠢ ᠰᠣᠨᠣᠰᠬᠤ᠂ ᠲᠣᠭᠯᠠᠯᠲᠠ ᠭᠠᠷᠭᠠᠬᠤ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠤᠯᠠᠨ ᠳᠤ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠭᠠᠷ ᠤᠲᠠᠰᠤ ᠪᠠᠨ ᠲᠠᠯᠪᠢᠵᠤ᠂ ᠭᠡᠷ ᠠᠴᠠ ᠪᠠᠨ ᠭᠠᠷᠴᠤ᠂ ᠡᠷᠲᠡᠨ ᠤ ᠢᠷᠠᠭᠤ ᠰᠠᠶᠢᠬᠠᠨ ᠦᠵᠡᠮᠵᠢ ᠶᠢ ᠦᠢᠷ᠎ᠠ ᠵᠠᠢ ᠠᠴᠠ ᠰᠣᠨᠢᠷᠬᠠᠭᠤᠯᠵᠤ᠂ ᠮᠢᠩᠭᠠᠨ ᠣᠨ ᠤ ᠴᠦᠨ ᠵᠸᠤ ᠶᠢᠨ ᠷᠢᠳᠢ ᠰᠢᠳᠢ ᠶᠢ ᠮᠡᠳᠡᠷᠡᠭᠦᠯᠦᠨ᠎ᠡ︾ ᠭᠡᠵᠦ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠶᠢᠨ ᠳᠠᠷᠤᠭ᠎ᠠ ᠳ᠋ᠦᠩ ᠴᠢᠩ ᠢᠦᠢ ᠬᠡᠯᠡᠪᠡ᠃    ᠣᠶᠢᠯᠠᠭᠠᠭᠰᠠᠨ ᠢᠶᠠᠷ᠂ 5 ᠰᠠᠷ᠎ᠠ ᠶᠢᠨ 4 ᠤ ᠡᠳᠦᠷ ᠪᠣᠯᠲᠠᠯ᠎ᠠ᠂ ᠴᠦᠨ ᠵᠸᠤ ᠶᠢᠨ ᠡᠷᠲᠡᠨ ᠤ ᠬᠤᠲᠠ ᠳᠤ ᠨᠡᠶᠢᠲᠡ 10000 ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠠᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号