︽ᠪᠡᠭᠡᠵᠢᠩ︾ ᠤᠨ ᠨᠠᠷᠢᠨ ᠬᠢᠨᠠᠮᠠᠭᠠᠢ ᠬᠠᠪᠰᠤᠷᠤᠯᠭ᠎ᠠ ᠪᠠᠷ ︽ᠵᠢᠭᠠᠬᠤ︾ ᠰᠤᠷᠬᠤ ᠤᠶᠠᠯᠳᠤᠨ ᠲᠡᠭᠡᠭᠰᠢᠯᠡᠨ᠎ᠡ
ᠨᠡᠶᠢᠲᠡᠯᠡᠭᠰᠡᠨ ᠴᠠᠭ᠄
2024/5/7
   ᠪᠦᠯᠬᠦᠮ ᠵᠣᠬᠢᠶᠠᠨ ᠪᠠᠶᠢᠭᠤᠯᠵᠤ᠂ ᠬᠠᠮᠲᠤ ᠪᠠᠷ ᠪᠠᠶᠢᠯᠳᠤᠵᠤ᠂ ︽ᠴᠢᠰᠤ ᠪᠦᠲᠦᠭᠡᠬᠦ︾ ᠪᠠ ︽ᠴᠢᠰᠤ ᠶᠡᠭᠦᠯᠡᠬᠦ ︾ ᠶᠠᠪᠤᠳᠠᠯ ᠢ ᠵᠡᠷᠭᠡ ᠪᠠᠷ ᠴᠢᠬᠤᠯᠠᠴᠢᠯᠠᠪᠠ᠃ ᠲᠦᠴᠢᠦᠸᠠᠨ ᠰᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠰᠤᠷᠭᠠᠨ ᠬᠥᠮᠦᠵᠢᠯ ᠢ ᠳᠡᠮᠵᠢᠬᠦ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠡᠵᠡᠮᠳᠡᠵᠦ᠂ ᠰᠢᠶᠠᠨ ᠤ ᠬᠡᠪᠴᠢᠶᠡᠨ ᠤ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠠᠪᠴᠤ ᠶᠠᠪᠤᠵᠤ ᠲᠡᠶᠢᠯᠬᠦ ᠥᠬᠡᠶ︾ ᠰᠢᠯᠢᠳᠡᠭ ᠪᠠᠭᠰᠢ ᠶᠢᠨ ᠡᠩᠨᠡᠭᠡ ᠶᠢ ᠬᠦᠴᠦᠯᠡᠨ ᠪᠣᠶ ᠪᠣᠯᠭᠠᠪᠠ᠃
   ᠰᠤᠷᠭᠠᠨ ᠬᠥᠮᠦᠵᠢᠯ ᠢ ᠬᠡᠦᠬᠡᠳ ᠠᠴᠠ ᠡᠬᠢᠯᠡᠨ ᠠᠳᠬᠤᠵᠤ᠂ ᠭᠤᠷᠪᠠᠳᠤᠭᠠᠷ ᠬᠡᠤᠬᠡᠳ ᠤᠨ ᠴᠡᠴᠡᠷᠯᠢᠭ ᠤᠨ ᠶᠡᠭᠡ ᠨᠢᠭᠡᠳᠦᠭᠡᠷ ᠠᠩᠭᠢ ᠶᠢᠨ ᠬᠢᠴᠢᠶᠡᠯ ᠤᠨ ᠭᠡᠷ ᠲᠤ᠂ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠯᠢᠶᠠᠩ ᠰᠢᠶᠠᠩ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠷᠧᠨ ᠹᠠᠨ ᠪᠠᠭᠰᠢ ᠶᠠᠭ ᠬᠡᠤᠬᠡᠳ ᠤᠳ ᠲᠠᠢ ᠲᠣᠭᠠᠴᠢᠯᠠᠭᠰᠠᠨ ᠲᠣᠭᠯᠠᠭᠠᠮ ᠬᠢᠵᠦ ᠪᠠᠶᠢᠨ᠎ᠠ᠃ 9 ᠵᠢᠯ ᠤᠨ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ ᠷᠧᠨ ᠪᠠᠭᠰᠢ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠤᠰᠤᠳ ᠲᠤᠯᠤᠭᠠᠨ ᠲᠤᠰᠠᠯᠠᠮᠵᠢ ᠶᠢᠨ ᠪᠠᠭᠰᠢ ᠲᠠᠢ ᠬᠠᠮᠲᠤ ᠲᠦᠴᠢᠦᠸᠠᠨ ᠰᠢᠶᠠᠨ ᠳᠤ ᠢᠷᠡᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠡᠳᠬᠢᠯ ᠬᠥᠳᠡᠯᠭᠡᠮ᠎ᠡ ᠬᠥᠭᠵᠢᠮ ᠢ ᠬᠥᠭᠵᠢᠮᠳᠡᠪᠡ᠃
   ︽ᠪᠢ ᠬᠢᠴᠢᠶᠡᠯ ᠤᠨ ᠥᠭᠡᠷᠡᠴᠢᠯᠡᠯᠲᠡ ᠶᠢᠨ ᠰᠢᠨ᠎ᠡ ᠣᠶᠢᠯᠠᠭᠠᠭᠳᠠᠬᠤᠨ ᠪᠣᠯᠤᠨ ᠵᠢᠭᠠᠨ ᠰᠤᠷᠭᠠᠯᠲᠠ ᠶᠢᠨ ᠠᠷᠭ᠎ᠠ ᠪᠠᠨ ᠪᠠᠭᠰᠢ ᠨᠠᠷ ᠲᠤ ᠠᠪᠴᠢᠷᠠᠵᠤ᠂ ᠪᠡᠭᠡᠵᠢᠩ ᠤᠨ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠵᠤ᠂ ᠲᠤᠬᠠᠢ ᠶᠢᠨ ᠭᠠᠵᠠᠷ ᠤᠨ ᠪᠠᠭᠰᠢ ᠲᠠᠢ ᠡᠬᠢ ᠪᠠᠶᠠᠯᠢᠭ ᠢ ᠬᠠᠮᠳᠤᠪᠠᠷ ᠡᠳ᠋ᠯᠡᠭᠦᠯᠪᠡ︾᠃ ᠿᠧᠨ ᠹᠠᠨ ᠬᠡᠯᠡᠬᠦ ᠳᠡᠭᠡᠨ᠂ ᠰᠤᠷᠭᠠᠨ ᠬᠥᠮᠦᠵᠢᠯ ᠢ ᠳᠡᠮᠵᠢᠬᠦ ᠡᠨᠡᠬᠦ ᠬᠤᠭᠤᠴᠠᠭᠠᠨ ᠳᠤ ᠲᠤᠬᠠᠶ ᠶᠢᠨ ᠭᠠᠵᠠᠷ ᠤᠨ ᠪᠠᠭᠰᠢ ᠨᠠᠷ ᠪᠦᠷ ᠲᠡᠭᠦᠨ ᠲᠠᠢ ᠬᠠᠷᠢᠯᠴᠠᠨ ᠣᠶᠢᠯᠠᠭᠠᠯᠴᠠᠵᠤ᠂ ᠵᠢᠭᠠᠨ ᠰᠤᠷᠭᠠᠭᠰᠠᠨ ᠪᠠ ᠰᠡᠬᠡᠭᠡᠷᠡᠭᠦᠯᠬᠦ ᠲᠠᠯ᠎ᠠ ᠶᠢᠨ ᠠᠰᠠᠭᠤᠳᠠᠯ ᠢ ᠰᠤᠯᠢᠯᠴᠠᠨ᠎ᠠ᠃ ︽ᠪᠠᠭᠰᠢ ᠨᠠᠷ ᠤᠨ ᠡᠨᠡ ᠬᠦ ᠱᠤᠷᠠᠭ ᠬᠠᠳᠠᠭᠠᠰᠤ ᠬᠠᠳᠠᠬᠤ ᠮᠡᠳᠤ ᠵᠣᠷᠢᠭ ᠰᠠᠨᠠᠭ᠎ᠠ ᠨᠢ ᠪᠠᠰᠠ ᠨᠠᠳᠠ ᠳᠤ ᠡᠯᠪᠡᠭ ᠪᠠᠶᠠᠯᠢᠭ ᠤᠯᠤᠯᠳᠠ ᠲᠠᠢ᠂ ᠮᠢᠨᠦ ᠦᠵᠡᠬᠦ ᠪᠠᠷ ᠰᠤᠷᠭᠠᠨ ᠬᠥᠮᠦᠵᠢᠯ ᠢ ᠳᠡᠮᠵᠢᠬᠦ ᠪᠣᠯ ᠬᠤᠪᠢ ᠨᠡᠮᠡᠷᠢ ᠦᠵᠡᠭᠦᠯᠬᠦ ᠪᠠᠷ ᠪᠠᠷᠠᠬᠤ ᠦᠭᠡᠢ᠂ ᠨᠡᠩ ᠴᠤ ᠰᠤᠷᠤᠯᠴᠠᠬᠤ ᠪᠠ ᠬᠠᠷᠢᠭᠤᠴᠠᠯᠭ᠎ᠠ ᠪᠣᠯᠤᠨ᠎ᠠ ᠭᠡᠵᠦ ᠪᠣᠳᠣᠵᠤ ᠪᠠᠶᠢᠨ᠎ᠠ︾ ᠭᠡᠵᠦ ᠵᠢᠯ ᠰᠢᠬᠠᠮ ᠠᠵᠢᠯᠯᠠᠭᠰᠠᠨ ᠰᠤᠷᠭᠠᠭᠤᠯᠢ ᠶᠢ ᠦᠵᠡᠭᠡᠳ᠂ ᠬᠡᠦᠬᠡᠳ ᠪᠠ ᠪᠠᠭᠰᠢ ᠨᠠᠷ ᠠᠴᠠ ᠰᠠᠯᠵᠤ ᠶᠠᠳᠠᠵᠤ ᠪᠠᠶᠢᠯ᠎ᠠ᠃    ᠬᠢᠴᠢᠶᠡᠯ ᠤᠨ ᠬᠡᠷᠡᠭᠰᠡᠯ ᠢ ᠦᠢᠯᠡᠳᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠠᠴᠠ ᠵᠢᠭᠠᠨ ᠰᠤᠷᠭᠠᠯᠲᠠ ᠶᠢᠨ ᠭᠤᠭᠴᠤᠭ᠎ᠠ ᠨᠢᠭᠡᠪᠦᠷᠢ ᠶᠢᠨ ᠰᠢᠢᠳᠪᠦᠷᠢᠯᠡᠯᠲᠡ ᠬᠦᠷᠲᠡᠯ᠎ᠡ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠣᠨᠣᠰᠴᠤ᠂ ᠪᠦᠬᠦ ᠬᠡᠦᠬᠡᠳ ᠤᠨ ᠴᠡᠴᠡᠷᠯᠢᠭ ᠤᠨ ᠪᠠᠭᠰᠢ ᠶᠢ ᠣᠶᠢᠯᠠᠭᠠᠭᠳᠠᠬᠤᠨ ᠤ ᠲᠠᠯ᠎ᠠ ᠪᠠᠷ ᠠᠷᠢᠭᠤᠳᠬᠠᠯ ᠬᠢᠭᠰᠡᠨ ᠮᠥᠷᠲᠡᠭᠡᠨ ᠤᠨᠤᠯ ᠤᠨ ᠲᠠᠯ᠎ᠠ ᠪᠠᠷ ᠳᠡᠭᠡᠭᠰᠢᠯᠡᠪᠡ ︔ ᠮᠡᠳᠡᠯᠭᠡ ᠶᠢᠨ ᠲᠠᠯ᠎ᠠ ᠪᠠᠷ ᠬᠤᠷᠠᠮᠳᠤᠭᠰᠠᠨ ᠪᠥᠭᠡᠳ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠤᠨ ᠲᠠᠯ᠎ᠠ ᠪᠠᠷ ᠲᠡᠭᠡᠭᠰᠢᠯᠡᠭᠰᠡᠨ ᠪᠠᠶᠢᠨ᠎ᠠ᠃
   ︽ᠰᠤᠷᠭᠠᠨ ᠬᠥᠮᠦᠵᠢᠯ ᠢ ᠳᠡᠮᠵᠢᠬᠦ ᠬᠤᠭᠤᠴᠠᠭᠠᠨ ᠳᠤ᠂ ᠷᠧᠨ ᠪᠠᠭᠰᠢ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠰᠠᠷ᠎ᠠ ᠪᠦᠷᠢ ᠮᠠᠨ ᠤ ᠴᠡᠴᠡᠷᠯᠢᠭ ᠤᠨ ᠪᠠᠭᠰᠢ ᠶᠢ ᠳᠠᠭᠠᠭᠤᠯᠤᠨ ᠨᠢᠭᠡ ᠤᠳᠠᠭᠠᠨ ᠤ ᠮᠥᠷᠳᠡᠨ ᠳᠠᠭᠠᠬᠤ ᠮᠠᠶ᠋ᠢᠭ ᠤᠨ ᠵᠢᠭᠠᠨ ᠰᠤᠳᠤᠯᠭᠠᠨ ᠢ ᠥᠷᠨᠢᠭᠦᠯᠵᠦ᠂ ᠮᠠᠨ ᠤ ᠴᠡᠴᠡᠷᠯᠢᠭ ᠤᠨ ᠪᠠᠭᠰᠢ ᠳᠤ ᠮᠠᠰᠢ ᠣᠯᠠᠨ ᠰᠤᠷᠭᠠᠨ ᠬᠥᠮᠦᠵᠢᠯ ᠤᠨ ᠲᠤᠷᠰᠢᠯᠭ᠎ᠠ ᠣᠯᠭᠤᠵᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠡᠶ᠃ ᠪᠠᠰᠠ ᠮᠠᠨ ᠤ ᠴᠡᠴᠡᠷᠯᠢᠭ ᠤᠨ ᠠᠰᠠᠷᠠᠨ ᠬᠥᠮᠦᠵᠢᠭᠦᠯᠬᠦ ᠠᠵᠢᠯ ᠤᠨ ᠳᠡᠭᠡᠭᠰᠢᠯᠡᠯᠲᠡ ᠪᠠ ᠬᠡᠤᠬᠡᠳ ᠤᠨ ᠦᠰᠦᠨ ᠪᠤᠶᠢᠵᠢᠯᠲᠠ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠵᠡᠶ︾ ᠭᠡᠵᠦ ᠲᠦᠴᠢᠤᠸᠠᠨ ᠰᠢᠶᠠᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠳᠠᠷᠤᠭ᠎ᠠ ᠰᠢᠩ ᠮᠢᠨ ᠬᠡᠯᠡᠪᠡ᠃    ᠬᠠᠷᠠᠬᠠᠨ ᠪᠠᠭ᠎ᠠ ᠬᠡᠤᠬᠡᠳ ᠠᠴᠠ ᠲᠤᠮᠤ ᠬᠡᠦᠬᠡᠳ ᠲᠤ ᠬᠦᠷᠲᠡᠯ᠎ᠡ᠂ ᠪᠡᠭᠡᠵᠢᠩ ᠥᠪᠥᠷ ᠮᠣᠩᠭᠤᠯ ᠤᠨ ᠳᠣᠯᠣᠳᠤᠭᠠᠷ ᠪᠦᠯᠦᠭ ᠤᠨ 8 ᠬᠠᠪᠰᠤᠷᠤᠨ ᠲᠡᠳᠬᠦᠬᠦ ᠪᠠᠭᠰᠢ ᠲᠤᠰ ᠲᠤᠰ ᠰᠢᠶᠠᠨ ᠤ ᠳᠣᠲᠣᠷᠠᠬᠢ ᠡᠯ᠎ᠡ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠡᠷ ᠲᠤ ᠬᠦᠷᠴᠦ᠂ ᠲᠡᠳᠡᠨᠡᠷ ᠠᠪᠢᠶᠠᠰ ᠲᠤᠨᠢ ᠲᠤᠬᠢᠷᠠᠭᠤᠯᠤᠨ ᠵᠢᠭᠠᠵᠤ᠂ ᠴᠢᠩ ᠦᠨᠡᠨᠴᠢ ᠪᠠᠷ ᠵᠢᠭᠠᠪᠠ᠃ ᠰᠤᠷᠤᠭᠴᠢᠳ ᠤᠨ ᠠᠩᠭ᠍ᠯᠢ ᠬᠡᠯᠡᠨ ᠤ ᠬᠢᠴᠢᠶᠡᠯ ᠤᠨ ᠲᠠᠩᠬᠢᠮ ᠤᠨ ᠳᠤᠷ᠎ᠠ ᠰᠣᠨᠢᠷᠬᠠᠯ ᠢ ᠨᠡᠮᠡᠭᠳᠡᠭᠦᠯᠬᠦ ᠶᠢᠨ ᠲᠥᠯᠥᠭᠡ᠂ ᠪᠡᠭᠡᠵᠢᠩ ᠤᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠯᠠᠩ ᠶᠤᠸᠠᠢ ᠰᠤᠷᠭᠠᠭᠤᠯᠢ ᠶᠢᠨ ᠬᠥᠳᠡᠯᠮᠦᠷᠢ ᠶᠢᠨ ᠪᠠᠭᠰᠢ ᠵᠢᠶᠤᠤ ᠴᠦᠨ ᠹᠧᠩ ᠰᠣᠨᠢᠷᠬᠠᠯᠲᠠᠢ ᠲᠠᠶᠢᠯᠪᠤᠷᠢᠯᠠᠯᠲᠠ᠂ ᠦᠵᠡᠭᠦᠯᠦᠯᠭᠡ ᠪᠠᠷ ᠳᠠᠮᠵᠢᠭᠤᠯᠤᠨ ᠰᠤᠷᠤᠭᠴᠢᠳ ᠢ ᠨᠠᠭᠠᠳᠬᠤ ᠶᠢᠨ ᠬᠠᠮᠳᠤ ᠰᠤᠷᠴᠤ᠂ ᠰᠤᠷᠬᠤ ᠲᠤᠮᠳᠠ ᠨᠠᠭᠠᠳᠤᠨ᠎ᠠ᠃
   ︽ᠪᠢ ᠵᠢᠶᠤᠤ ᠪᠠᠭᠰᠢ ᠶᠢᠨ ᠬᠢᠴᠢᠶᠡᠯ ᠣᠷᠣᠬᠤ ᠲᠤᠩ ᠳᠤᠷᠠᠲᠠᠢ᠂ ᠲᠡᠭᠦᠨ ᠤ ᠬᠢᠴᠢᠶᠡᠯ ᠣᠷᠣᠬᠤ ᠨᠢ ᠲᠤᠩ ᠰᠣᠨᠢᠷᠬᠠᠯᠲᠠᠢ᠂ ᠪᠠᠭᠰᠢ ᠪᠢᠳᠡᠨ ᠤ ᠳᠤᠷᠠᠲᠠᠢ ᠬᠡᠯᠪᠡᠷᠢ ᠪᠠᠷ ᠪᠢᠳᠡᠨ ᠳᠤ ᠵᠢᠭᠠᠵᠤ  ᠦᠭᠭᠦᠨ᠎ᠡ︾ ᠭᠡᠵᠦ ᠲᠦᠴᠢᠤᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠨᠢᠭᠡᠳᠦᠭᠡᠷ ᠤᠨ ᠤ ᠵᠢᠷᠭᠤᠳᠤᠭᠠᠷ ᠠᠩᠬᠢ ᠶᠢᠨ ᠰᠤᠷᠤᠭᠴᠢ ᠴᠠᠢ ᠵᠢᠶᠠ  ᠯᠧ ᠬᠡᠯᠡᠪᠡ᠃
   ᠲᠡᠭᠦᠨ ᠤ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠭᠤᠶᠢᠳᠠ ᠰᠠᠶᠢᠬᠠᠨ ᠬᠢᠴᠢᠶᠡᠯ ᠤᠨ ᠲᠠᠩᠬᠢᠮ ᠤᠨ ᠤᠷ᠎ᠠ ᠮᠡᠷᠭᠡᠰᠢᠯ᠂ ᠤᠯᠠᠨ ᠡᠰᠢᠲᠦ ᠵᠢᠭᠠᠨ ᠰᠤᠷᠭᠠᠯᠲᠠ ᠶᠢᠨ ᠰᠡᠳᠬᠢᠴᠡ᠂ ᠪᠠᠶᠠᠯᠢᠭ ᠯᠠᠪᠳᠠᠭᠤᠨ ᠪᠠᠲᠤᠲᠠᠢ ᠠᠩᠭ᠍ᠯᠢ ᠬᠡᠯᠡᠨ ᠤ ᠦᠨᠳᠦᠰᠦᠨ ᠮᠡᠳᠡᠯᠭᠡ ᠨᠢ ᠴᠥᠮ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠵᠢᠴᠢ ᠬᠢᠴᠢᠶᠡᠯ ᠰᠤᠨᠤᠰᠤᠭᠰᠠᠨ ᠪᠠᠭᠰᠢ ᠨᠠᠷ ᠲᠤ ᠭᠦᠨ ᠰᠠᠭᠤᠭᠳᠠᠯ ᠦᠯᠡᠳᠡᠭᠡᠵᠡᠢ᠃    ︽ᠠᠩᠭ᠍ᠯᠢ ᠬᠡᠯᠡᠨ ᠤ ᠬᠢᠴᠢᠶᠡᠯ ᠢ ᠰᠤᠷᠤᠭᠴᠢᠳ ᠤᠨ ᠡᠵᠡᠮᠰᠢᠬᠦ ᠴᠢᠬᠤᠯᠠᠲᠠᠶ ᠮᠡᠳᠡᠯᠭᠡ ᠶᠢ ᠠᠮᠢᠳᠤᠷᠠᠯ ᠳᠤᠮᠳᠠ ᠰᠤᠷᠤᠭᠴᠢᠳ ᠤᠨ ᠰᠣᠨᠢᠷᠬᠠᠯ ᠲᠠᠢ ᠦᠭᠡ ᠪᠠᠷ ᠲᠡᠳᠡᠨ ᠳᠤ ᠵᠢᠭᠠᠨ ᠥᠭᠴᠦ᠂ ᠰᠤᠷᠤᠭᠴᠢᠳ ᠢ ᠠᠮᠢᠳᠤᠷᠠᠯ ᠤᠨ ᠳᠤᠮᠳᠠ ᠰᠤᠷᠤᠯᠴᠠᠭᠤᠯᠵᠤ᠂ ᠰᠤᠷᠤᠯᠴᠠᠯᠭ᠎ᠠ ᠶᠢᠨ ᠳᠤᠮᠳᠠ ᠠᠮᠢᠳᠤᠷᠠᠭᠤᠯᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠳᠡᠭᠡᠭᠰᠢᠯᠡᠭᠦᠯᠬᠦ ᠶᠢᠨ ᠬᠠᠮᠲᠤ ᠲᠡᠳᠡᠨ ᠤ ᠠᠩᠭ᠍ᠯᠢ ᠬᠡᠯᠡᠨ ᠤ ᠬᠢᠷᠢ ᠪᠦᠲᠦᠮᠵᠢ ᠶᠢ ᠳᠡᠭᠡᠭᠰᠢᠯᠡᠭᠦᠯᠵᠦ᠂ ᠪᠠᠰᠠ ᠲᠡᠳᠡᠨ ᠳᠤ ᠨᠠᠶᠢᠵᠠ ᠮᠡᠨᠳᠦ ᠬᠠᠨᠳᠤᠨ᠎ᠠ︾ ᠭᠡᠵᠦ ᠵᠢᠶᠣᠣ ᠴᠦᠨ ᠹᠧᠩ ᠣᠯᠠᠨ ᠵᠢᠯ ᠤᠨ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠢᠶᠠᠨ ᠲᠦᠴᠢᠦᠸᠠᠨ ᠤ ᠰᠤᠷᠤᠭᠴᠢᠳ ᠤᠨ ᠠᠩᠭᠢᠯᠢ ᠬᠡᠯᠡᠨ ᠤ ᠬᠢᠷᠢ ᠪᠥᠲᠥᠮᠵᠢ ᠶᠢ ᠲᠡᠭᠡᠭᠰᠢᠯᠡᠭᠦᠯᠦᠨ᠎ᠡ᠃
   ᠰᠠᠯᠬᠢ ᠰᠠᠯᠬᠢᠯᠠᠪᠠᠯ ᠳᠠᠷᠪᠠᠭᠤᠯ ᠬᠡᠶᠢᠰᠬᠡᠬᠦ ᠴᠠᠭ ᠪᠠᠶᠢᠵᠤ᠂ ᠳᠠᠪᠠᠯᠭᠠᠨ ᠢ ᠰᠦᠷᠦᠨ ᠤᠷᠤᠭᠰᠢᠯᠠᠨ᠎ᠠ᠃ ᠰᠤᠷᠭᠠᠨ ᠬᠥᠮᠦᠵᠢᠯ ᠢ ᠲᠠᠮᠵᠢᠭ᠍ᠰᠡᠨ ᠨᠢᠭᠡ ᠵᠢᠯ ᠰᠢᠬᠠᠮ ᠬᠤᠭᠤᠴᠠᠭᠠᠨ ᠳᠤ᠂ 8 ᠪᠠᠭᠰᠢ ᠳᠤᠷ᠎ᠠ ᠰᠣᠨᠢᠷᠬᠠᠯ ᠤᠨ ᠬᠢᠴᠢᠶᠡᠯ ᠤᠨ ᠲᠠᠩᠬᠢᠮ᠂ ᠨᠡᠶᠢᠭᠡᠮ ᠤᠨ ᠪᠦᠯᠬᠦᠮ ᠤᠨ ᠵᠢᠭᠠᠨ ᠰᠤᠷᠭᠠᠯᠲᠠ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ ︽ᠬᠤᠶᠠᠷ ᠢ ᠬᠦᠩᠬᠡᠷᠡᠭᠦᠯᠬᠦ︾ ᠲᠦᠷᠦ ᠶᠢᠨ ᠪᠤᠳᠤᠯᠭ᠎ᠠ ᠶᠢᠨ ᠳᠠᠷᠠᠭᠠᠬᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠡᠬᠢ ᠡᠭᠦᠰᠦᠯ ᠠᠴᠠ ᠨᠢ ᠠᠮᠢᠳᠤᠯᠢᠭ ᠤᠰᠤ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ ᠪᠦᠬᠦ ᠪᠠᠭᠰᠢ ᠨᠠᠷ ᠲᠤ ᠠᠯᠤᠰ ᠬᠡᠳᠦ ᠶᠢᠨ ᠴᠣᠩᠬᠤ ᠶᠢ ᠨᠡᠭᠡᠭᠡᠵᠦ ᠥᠭᠴᠡᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠠᠭᠠᠭᠤᠯᠭ᠎ᠠ ᠳᠣᠣᠷ᠎ᠠ᠂ ᠪᠦᠬᠦ ᠰᠢᠶᠠᠨ ᠤ ᠪᠠᠭᠰᠢ ᠰᠤᠷᠤᠭᠴᠢᠳ ᠯᠠᠪᠲᠠᠢ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠲᠦᠮᠡᠨ ᠭᠠᠵᠠᠷ ᠳᠠᠷᠪᠠᠭᠤᠯ ᠬᠡᠶᠢᠰᠬᠡᠨ ᠤᠷᠤᠭᠰᠢᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号