ᠭᠦᠩ ᠨᠦᠩ ᠪᠠᠭ᠎ᠠ ᠰᠤᠷᠭᠠᠭᠤᠯᠢ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠶ ᠬᠡᠷᠡᠭᠵᠢᠭᠦᠯᠵᠦ᠂ ᠪᠠᠭᠰᠢ ᠰᠤᠷᠤᠭᠴᠢᠳ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ
ᠨᠡᠶᠢᠲᠡᠯᠡᠭᠰᠡᠨ ᠴᠠᠭ᠄
2024/5/7
   ᠦᠭᠡ ᠬᠡᠯᠡ ᠦᠰᠦᠭ ᠪᠢᠴᠢᠭ ᠪᠣᠯ ᠬᠥᠮᠦᠨ ᠲᠥᠷᠥᠯᠬᠢᠲᠡᠨ ᠤ ᠬᠠᠮᠤᠭ ᠤᠨ ᠴᠢᠬᠤᠯᠠ ᠰᠣᠯᠢᠯᠴᠠᠭᠠᠨ ᠤ ᠪᠠᠭᠠᠵᠢ ᠮᠥᠨ᠂ ᠪᠣᠯᠪᠠᠰᠤᠨ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠠᠮᠤᠭ ᠤᠨ ᠴᠢᠬᠤᠯᠠ ᠠᠴᠢᠶᠠᠯᠠᠪᠤᠷᠢ ᠮᠥᠨ ᠃ ᠲᠦᠴᠢᠦᠸᠠᠨ ᠰᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠲᠠᠪᠰᠢᠯᠳᠠ ᠳᠤ ᠠᠰᠢᠭᠲᠠᠢ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤ ᠠᠰᠢᠭᠲᠠᠢ ᠶᠤᠮ᠃
   ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠳᠤ᠂ ᠨᠢᠭᠡ ᠵᠦᠢᠯ ᠤᠨ ᠴᠢᠬᠤᠯᠠ ᠰᠤᠷᠭᠠᠨ ᠬᠥᠮᠦᠵᠢᠯ ᠤᠨ ᠡᠭᠦᠷᠭᠡ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ —  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠢ ᠳᠡᠯᠭᠡᠷᠡᠭᠦᠯᠵᠦ ᠪᠤᠢ᠃ ᠡᠨᠡ ᠪᠣᠯ ᠰᠤᠷᠭᠠᠨ ᠬᠥᠮᠦᠵᠢᠯ ᠤᠨ ᠡᠭᠦᠷᠭᠡ ᠪᠣᠯᠬᠤ ᠪᠠᠷ ᠪᠠᠷᠠᠬᠤ ᠦᠭᠡᠢ᠂ ᠨᠡᠩ ᠴᠤ ᠪᠠᠭᠰᠢ ᠰᠤᠷᠤᠭᠴᠢᠳ ᠤᠨ ᠢᠷᠡᠭᠡᠳᠦᠢ ᠶᠢᠨ ᠦᠰᠦᠨ ᠪᠤᠶᠢᠵᠢᠯᠲᠠ ᠪᠠ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃
   ᠤᠯᠤᠰ ᠤᠨ ᠲᠤᠭ ᠮᠠᠨᠳᠤᠭᠤᠯᠬᠤ ᠶᠣᠰᠣᠯᠠᠯ᠂ ᠤᠯᠤᠰ ᠤᠨ ᠲᠤᠭ ᠳᠣᠤᠷᠠᠬᠢ ᠲᠥᠪ ᠴᠢᠩᠭ᠎ᠠ ᠠᠮᠠᠯᠠᠯᠲᠠ᠃ ᠭᠠᠷᠠᠭ ᠤᠨ ᠨᠢᠭᠡᠨ ᠤ ᠲᠤᠭ ᠮᠠᠨᠳᠤᠭᠤᠯᠬᠤ ᠶᠣᠰᠣᠯᠠᠯ ᠪᠣᠯ ᠭᠦᠩ ᠨᠦᠩ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠯᠤᠰ ᠲᠤ ᠬᠠᠶᠢᠷᠠᠲᠠᠶ ᠴᠠᠭ ᠮᠥᠴᠡ ᠪᠠᠨ ᠬᠠᠮᠲᠤ ᠪᠠᠷ ᠢᠯᠡᠳᠬᠡᠵᠦ᠂ ᠲᠠᠪᠤᠨ ᠣᠳᠣᠲᠤ ᠤᠯᠠᠭᠠᠨ ᠲᠤᠭ ᠤᠨ ᠳᠣᠣᠷ᠎ᠠ᠂ ᠪᠠᠭᠰᠢ ᠰᠤᠷᠤᠭᠴᠢᠳ ᠲᠡᠷᠢ ᠲᠡᠭᠰᠢ ᠵᠢᠭᠰᠠᠵᠤ᠂ ᠬᠢᠴᠢᠶᠡᠩᠭᠦ᠋ᠢᠯᠡᠨ ᠶᠣᠰᠣᠯᠠᠵᠤ᠂ ᠡᠨᠡᠬᠦ ᠲᠥᠪ ᠶᠡᠬᠡᠮᠰᠦᠭ ᠲᠠᠯᠠᠪᠤᠷ ᠲᠤ ᠰᠤᠷᠭᠠᠭᠤᠯᠢ ᠶᠢᠨ ᠬᠢᠨ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠭᠰᠠᠨ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠵᠤ᠂ ᠰᠢᠯᠢᠳᠡᠭ ᠪᠠᠭᠰᠢ ᠪᠤᠶᠤ ᠰᠤᠷᠤᠭᠴᠢᠳ ᠤᠨ ᠲᠥᠯᠥᠭᠡᠯᠡᠭᠴᠢ ᠠᠴᠠ ᠶᠠᠷᠢᠶ᠎ᠠ ᠲᠠᠯᠪᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠬᠤᠯᠠ ᠴᠢᠨᠠᠷ ᠤᠨ ᠲᠣᠭᠤᠷᠢᠨ ᠳᠤ᠂ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠳᠡᠪᠬᠢᠲᠡᠢ ᠰᠤᠷᠴᠤ ᠬᠡᠷᠡᠭᠯᠡᠬᠦ ᠶᠢ ᠵᠣᠷᠢᠭᠵᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠤᠯᠤᠰ ᠣᠷᠣᠨ ᠤ ᠬᠠᠮᠲᠤ ᠶᠢᠨ ᠰᠡᠳᠬᠢᠯᠭᠡ ᠶᠢ ᠨᠡᠮᠡᠭᠳᠡᠭᠦᠯᠪᠡ᠃
   ᠨᠣᠮ ᠤᠩᠱᠢᠬᠤ ᠠᠵᠢᠯᠯᠠᠭ᠎ᠠ᠂ ᠨᠣᠮ ᠰᠤᠳᠤᠷ ᠲᠠᠬᠢ ᠭᠤᠶᠢᠳᠠ ᠰᠠᠶᠢᠬᠠᠨ ᠠᠮᠢᠳᠤᠯᠢᠭ ᠤᠶᠢᠯᠭᠠᠯᠳᠠ᠃ ᠭᠦᠩ ᠨᠦᠩ ᠪᠠᠭ᠎ᠠ ᠰᠤᠷᠭᠠᠭᠤᠯᠢ ᠢᠮᠠᠭᠲᠠ ᠰᠣᠩᠭᠤᠳᠠᠭ ᠵᠣᠬᠢᠶᠠᠯ ᠢ ᠤᠩᠰᠢᠬᠤ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠠᠷᠭ᠎ᠠ ᠵᠠᠮ ᠪᠣᠯᠭᠠᠵᠤ᠂ ︽ᠰᠤᠩᠭᠤᠳᠠᠭ ᠵᠤᠬᠢᠶᠠᠯ ᠢᠶᠠᠷ ᠳᠤᠮᠳᠠᠳᠤ ᠶᠢ ᠭᠡᠶᠢᠭᠦᠯᠬᠦ︾ ᠰᠢᠷᠢᠰ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠪᠠᠭᠰᠢ ᠰᠤᠷᠤᠭᠴᠢᠳ ᠬᠢᠴᠢᠶᠡᠯ ᠳᠡᠭᠡᠷ᠎ᠡ ᠬᠠᠮᠲᠤ ᠪᠠᠷ ︽ᠰᠢᠭᠦᠮᠵᠢᠯᠠᠯ ᠥᠭᠦᠯᠡᠯ︾᠂ ︽ᠲᠠᠩ ᠤᠯᠤᠰ ᠤᠨ ᠰᠢᠯᠦᠭ ᠭᠤᠷᠪᠠᠨ ᠵᠠᠭᠤᠨ ᠪᠠᠳᠠᠭ︾᠂ ︽ ᠬᠠᠰᠬᠢᠷᠤᠯ︾᠂ ︽ᠤᠳᠤᠨ ᠮᠡᠴᠢᠳ · ᠬᠠᠪᠤᠷ ᠤᠨ ᠤᠰᠤ︾ ᠵᠡᠷᠭᠡ ᠰᠣᠩᠭᠤᠳᠠᠭ ᠤᠳᠬ᠎ᠠ ᠵᠣᠬᠢᠶᠠᠯ ᠤᠨ ᠨᠡᠷᠡᠳᠦ ᠵᠣᠬᠢᠶᠠᠯ ᠢ ᠤᠩᠰᠢᠨ᠎ᠠ᠃ ᠪᠠᠭᠰᠢ ᠶᠢᠨ ᠳᠠᠭᠠᠭᠤᠯᠭ᠎ᠠ ᠳᠣᠣᠷ᠎ᠠ᠂ ᠰᠤᠷᠤᠭᠴᠢᠳ ᠨᠡᠩ ᠣᠯᠠᠨ ᠰᠢᠯᠢᠳᠡᠭ ᠤᠷᠠᠨ ᠵᠣᠬᠢᠶᠠᠯ ᠤᠨ ᠪᠦᠲᠦᠭᠡᠯ ᠲᠠᠢ ᠣᠶᠢᠷᠠᠲᠤᠵᠤ᠂ ᠠᠳᠠᠯᠢ ᠪᠣᠰᠣ ᠭᠠᠵᠠᠷ ᠣᠷᠣᠨ᠂ ᠠᠳᠠᠯᠢ ᠪᠣᠰᠣ ᠰᠣᠶᠣᠯ ᠤᠨ ᠠᠬᠤᠢ ᠪᠠᠶᠢᠳᠠᠯ ᠳᠣᠣᠷᠠᠬᠢ ᠦᠯᠢᠭᠡᠷ ᠪᠠ ᠬᠥᠮᠥᠨ ᠢ ᠣᠶᠢᠯᠭᠠᠵᠤ᠂ ᠥᠪᠡᠷ ᠤᠨ ᠬᠠᠷᠠᠭ᠎ᠠ ᠪᠠᠨ ᠦᠷᠭᠡᠳᠭᠡᠨ᠂ ᠥᠪᠡᠷ ᠤᠨ ᠦᠭᠡᠰ ᠤᠨ ᠰᠠᠩ ᠢᠶᠠᠨ ᠪᠠᠶᠠᠯᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠡᠳᠡᠭᠡᠷ ᠠᠵᠢᠯᠯᠠᠭ᠎ᠠ ᠨᠢ ᠪᠠᠰᠠ ᠰᠤᠷᠤᠭᠴᠢᠳ ᠤᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠠᠬᠢᠭᠤᠯᠵᠤ᠂ ᠲᠡᠳᠡᠨ ᠤ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠤᠬᠠᠮᠰᠠᠷ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ ᠪᠣᠯᠤᠨ᠎ᠠ᠃  ︽ᠰᠤᠩᠭᠤᠳᠠᠭ ᠵᠤᠬᠢᠶᠠᠯ ᠢᠶᠠᠷ ᠳᠤᠮᠳᠠᠳᠤ ᠶᠢ ᠭᠡᠶᠢᠭᠦᠯᠬᠦ︾ ᠰᠢᠷᠢᠰ ᠨᠣᠮ ᠤᠩᠰᠢᠬᠤ ᠠᠵᠢᠯᠯᠠᠭ᠎ᠠ ᠨᠢ ︽ᠰᠤᠩᠭᠤᠳᠠᠭ ᠵᠤᠬᠢᠶᠠᠯ︾ ᠪᠠᠷ ᠬᠥᠮᠦᠨ ᠢ ᠬᠥᠮᠦᠵᠢᠭᠦᠯᠬᠦ᠂ ︽ᠰᠤᠩᠭᠤᠳᠠᠭ ᠵᠤᠬᠢᠶᠠᠯ︾ ᠪᠠᠷ ᠰᠦᠭ ᠰᠦᠨᠡᠰᠦ ᠶᠢ ᠱᠤᠭᠤᠬᠤ᠂ ︽ᠰᠤᠩᠭᠤᠳᠠᠭ ᠵᠤᠬᠢᠶᠠᠯ︾ ᠪᠠᠷ ᠰᠡᠳᠬᠢᠯ ᠢ ᠨᠡᠪᠲᠡᠷᠡᠯᠴᠡᠵᠦ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠳᠤ ᠰᠤᠷᠤᠭᠴᠢᠳ ᠢ ᠨᠡᠶᠢᠲᠡᠯᠢᠭ ᠬᠡᠯᠡ ᠶᠢ ᠰᠠᠶᠢᠲᠤᠷ ᠶᠠᠷᠢᠵᠤ᠂ ᠵᠢᠷᠤᠮᠵᠢᠭᠰᠠᠨ ᠦᠰᠦᠭ ᠢ ᠰᠠᠶᠢᠲᠤᠷ ᠪᠢᠴᠢᠨ᠎ᠡ᠃
   ᠰᠤᠷᠭᠠᠨ ᠬᠦᠮᠦᠵᠢᠯ ᠢ ᠦᠷᠭᠡᠳᠭᠡᠵᠦ᠂ ᠦᠢᠯᠡᠳᠦᠯᠭᠡ ᠶᠢᠨ ᠲᠠᠷᠠᠭ᠎ᠠ ᠨᠡᠪᠳᠡᠷᠡᠳᠡᠯ᠎ᠡ ᠤᠶᠢᠯᠠᠭᠠᠬᠤ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠭᠦᠨᠵᠡᠭᠡᠢ ᠳᠡᠯᠭᠡᠷᠡᠭᠦᠯᠬᠦ ᠶᠢᠨ ᠲᠥᠯᠥᠭᠡ᠂ ᠭᠦᠩ ᠨᠦᠩ ᠪᠠᠭ᠎ᠠ ᠰᠤᠷᠭᠠᠭᠤᠯᠢ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︾ ᠰᠤᠷᠭᠠᠨ ᠬᠥᠮᠦᠵᠢᠯ ᠤᠨ ᠶᠣᠰᠣ ᠰᠤᠷᠲᠠᠬᠤᠨ ᠤ ᠬᠥᠮᠦᠵᠢᠯ ᠢ ᠥᠷᠭᠡᠳᠬᠡᠬᠦ ᠬᠢᠴᠢᠶᠡᠯ ᠣᠷᠣᠪᠠ᠃ ᠡᠨᠡᠬᠦ ᠬᠢᠴᠢᠶᠡᠯ ᠨᠢ ᠰᠤᠷᠤᠭᠴᠢᠳ ᠤᠨ ᠦᠭᠡ ᠬᠡᠯᠡᠨ ᠤ ᠴᠢᠳᠠᠪᠤᠷᠢ ᠶᠢ ᠬᠥᠮᠦᠵᠢᠭᠦᠯᠬᠦ ᠪᠠᠷ ᠭᠤᠣᠯ ᠪᠣᠯᠭᠠᠬᠤ ᠶᠢᠨ ᠬᠠᠮᠲᠤ ᠰᠤᠷᠤᠭᠴᠢᠳ ᠤᠨ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠪᠠ ᠤᠯᠤᠰ ᠤᠨ ᠮᠡᠳᠡᠷᠡᠮᠵᠢ ᠶᠢ ᠬᠥᠮᠦᠵᠢᠭᠦᠯᠬᠦ ᠶᠢ ᠴᠢᠬᠤᠯᠠᠴᠢᠯᠠᠳᠠᠭ᠃ ᠪᠠᠶᠠᠯᠢᠭ ᠰᠠᠶᠢᠬᠠᠨ ᠵᠢᠭᠠᠨ ᠰᠤᠷᠭᠠᠯᠲᠠ ᠶᠢᠨ ᠠᠭᠤᠯᠭ᠎ᠠ ᠪᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠪᠠ ᠲᠡᠦᠬᠡ ᠶᠢ ᠭᠦᠨᠵᠡᠭᠡᠶ ᠣᠶᠢᠯᠠᠭᠠᠭᠤᠯᠤᠨ᠎ᠠ᠃ ᠬᠢᠴᠢᠶᠡᠯ ᠤᠨ ᠪᠠᠶᠢᠷᠢᠯᠠᠭᠤᠯᠤᠯᠲᠠ ᠳᠡᠭᠡᠷ᠎ᠡ᠂ ᠭᠦᠩ ᠨᠦᠩ ᠪᠠᠭ᠎ᠠ ᠰᠤᠷᠭᠠᠭᠤᠯᠢ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠠᠴᠠ ᠭᠠᠳᠠᠨ᠎ᠠ ᠪᠠᠰᠠ ᠡᠯ᠎ᠡ ᠵᠦᠶᠯ ᠤᠨ ᠬᠡᠯᠪᠡᠷᠢ ᠶᠢᠨ ᠦᠶᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠢᠱᠢᠶᠡᠯᠡᠪᠡᠯ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠳᠠᠭᠤᠷᠢᠶᠠᠮᠠᠯ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠪᠤᠳᠠᠰ ᠤᠨ ᠪᠤᠰᠤ ᠰᠤᠶᠤᠯ ᠤᠨ ᠦᠪ ᠤᠨ ᠪᠡᠶᠡᠴᠢᠯᠡᠨ ᠦᠢᠯᠭᠠᠬᠤ ᠣᠷᠳᠣᠨ ᠵᠡᠷᠭᠡ ᠶᠢ ᠲᠣᠭᠤᠷᠢᠨ ᠦᠵᠡᠵᠦ᠂ ᠰᠤᠷᠤᠭᠴᠢᠳ ᠢ ᠦᠶᠯᠡᠳᠦᠯᠭᠡ ᠶᠢᠨ ᠳᠤᠮᠳᠠ ᠦᠭᠡ ᠬᠡᠯᠡ ᠪᠠᠨ ᠢᠯᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠶᠢᠷ᠎ᠠ ᠪᠠ ᠮᠡᠳᠡᠷᠡᠮᠵᠢ ᠶᠢ ᠨᠡᠮᠡᠭᠳᠡᠭᠦᠯᠪᠡ᠃
   ᠡᠭᠦᠨ ᠠᠴᠠ ᠭᠠᠳᠠᠨ᠎ᠠ᠂ ᠭᠦᠩ ᠨᠦᠩ ᠪᠠᠭ᠎ᠠ ᠰᠤᠷᠭᠠᠭᠤᠯᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠪᠠ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠭᠠᠳᠠᠨ᠎ᠠ ᠭᠦᠷᠳᠡᠯ᠎ᠡ ᠥᠷᠭᠡᠳᠬᠡᠵᠦ᠂ ᠪᠠᠭᠰᠢ ᠠᠴᠠ ᠭᠡᠷ ᠤᠨ ᠠᠬᠠᠮᠠᠳ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠮᠲᠤᠷᠠᠯᠴᠠᠵᠤ᠂ ᠭᠡᠷ ᠤᠨ ᠠᠬᠠᠮᠠᠳ ᠢ ᠭᠡᠷ ᠲᠡᠭᠡᠨ ᠪᠠᠰᠠ ᠰᠤᠷᠤᠭᠴᠢᠳ ᠲᠠᠢ ᠢᠳᠡᠪᠬᠢᠲᠡᠶ ᠬᠠᠷᠢᠯᠴᠠᠬᠤ ᠶᠢ ᠵᠣᠷᠢᠭᠵᠢᠭᠤᠯᠵᠤ᠂ ᠨᠡᠶᠢᠲᠡᠯᠢᠭ ᠦᠭᠡ ᠬᠡᠯᠡᠵᠦ᠂ ᠳᠦᠷᠢᠮᠵᠢᠭᠰᠡᠨ ᠦᠰᠦᠭ ᠪᠢᠴᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠪᠠ ᠦᠰᠦᠨ ᠪᠤᠶᠢᠵᠢᠬᠤ ᠶᠢ ᠬᠠᠮᠲᠤ ᠪᠠᠷ ᠠᠬᠢᠭᠤᠯᠪᠠ᠃
   ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠵᠢᠭᠦᠯᠬᠦ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠪᠠ ᠦᠢᠯᠡᠳᠦᠯᠭᠡ ᠬᠢᠪᠡ᠃ ᠲᠤᠭ ᠮᠠᠨᠳᠤᠭᠤᠯᠬᠤ ᠶᠣᠰᠣᠯᠠᠯ᠂ ᠨᠣᠮ ᠤᠩᠰᠢᠬᠤ ᠠᠵᠢᠯᠯᠠᠭ᠎ᠠ ᠵᠢᠴᠢ ᠤᠨᠴᠠᠯᠢᠬᠳᠤ ᠰᠤᠷᠭᠠᠨ ᠬᠥᠮᠦᠵᠢᠯ ᠤᠨ ᠶᠣᠰᠣ ᠰᠤᠷᠲᠠᠬᠤᠨ ᠤ ᠬᠥᠮᠦᠵᠢᠯ ᠢ ᠥᠷᠭᠡᠳᠬᠡᠬᠦ ᠬᠢᠴᠢᠶᠡᠯ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠪᠣᠯᠤᠨ ᠤᠯᠤᠰ ᠤᠨ ᠮᠡᠳᠡᠷᠡᠮᠵᠢ ᠶᠢ ᠬᠥᠮᠦᠵᠢᠭᠦᠯᠵᠦ᠂ ᠡᠳᠡᠭᠡᠷ ᠠᠷᠭ᠎ᠠ ᠬᠡᠮᠵᠢᠶ᠎ᠡ ᠨᠢ ᠪᠠᠭᠰᠢ ᠰᠤᠷᠤᠭᠴᠢᠳ ᠤᠨ ᠢᠷᠡᠭᠡᠳᠦᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠥᠭᠡᠳ ᠪᠠᠰᠠ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ᠂ ᠰᠠᠶᠢᠨ ᠵᠠᠯᠠᠭᠤᠴᠤᠳ ᠢ ᠬᠥᠮᠦᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号