ᠵᠡᠭᠦᠨ ᠳᠦᠷᠦᠯᠵᠢ ᠪᠠᠯᠭᠠᠰᠤ᠄ ᠬᠤᠭ ᠨᠣᠪᠰᠢ ᠶᠢ ᠰᠤᠯᠢᠬᠤ ᠠᠵᠢᠯᠯᠠᠭ᠎ᠠ ᠨᠢ ᠠᠶᠢᠯ ᠲᠣᠰᠬᠤᠨ ᠤ ︽ᠰᠢᠨ᠎ᠡ ᠲᠦᠷᠰᠦ ᠪᠠᠶᠢᠳᠠᠯ︾ ᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/5/8
   ᠵᠢᠯ ᠤᠨ ᠡᠬᠢᠨ ᠠᠴᠠ ᠨᠠᠰᠢ᠂ ᠵᠡᠭᠦᠨ ᠳᠦᠷᠦᠯᠵᠢ ᠪᠠᠯᠭᠠᠰᠤᠨ ᠤ ᠬᠢᠨ ᠬᠠᠪᠤᠷ ᠤᠨ ᠦᠵᠡᠮᠵᠢ ᠭᠤᠶᠤ ᠰᠠᠶᠢᠬᠠᠨ ᠤᠰᠤᠨ ᠡᠷᠭᠢ ᠶᠢᠨ ᠵᠢᠵᠢᠭ ᠪᠠᠯᠭᠠᠰᠤ ᠵᠡᠭᠦᠨ ᠳᠦᠷᠥᠯᠵᠢ ᠪᠠᠯᠭᠠᠰᠤ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠲᠦᠷᠪᠡᠨ ᠨᠢᠭᠡ︾ ᠶᠢᠨ ᠠᠵᠢᠯ ᠤᠨ ᠲᠣᠭᠲᠠᠴᠠ ᠪᠠᠷ ᠳᠠᠮᠵᠢᠭᠤᠯᠤᠨ ᠬᠥᠳᠡᠭᠡ ᠲᠣᠰᠬᠤᠨ ᠤ ︽ᠲᠦᠷᠰᠦ ᠪᠠᠶᠢᠳᠠᠯ︾ ᠶᠢ ᠤᠯᠠᠮ ᠨᠢᠭᠡ ᠠᠯᠬᠤᠮ ᠰᠢᠨᠡᠳᠬᠡᠪᠡ᠃ ᠵᠢᠯᠠᠭ᠎ᠠ ᠲᠣᠰᠬᠤᠨ ᠨᠡᠩ ᠴᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠠᠶᠢᠭᠤᠯᠤᠯᠲᠠ ᠶᠢᠨ ᠱᠠᠩᠨᠠᠯ ᠤᠨ ᠲᠣᠭᠲᠠᠴᠠ ᠶᠢ ᠰᠦᠪᠡᠭᠴᠢᠯᠡᠨ ᠭᠠᠷᠭᠠᠵᠤ᠂ ︽ᠬᠤᠭ ᠨᠣᠪᠰᠢ ᠶᠢ ᠱᠠᠩᠨᠠᠯ ᠤᠨ ᠮᠥᠩᠭᠦ ᠪᠣᠯᠭᠠᠨ ᠬᠤᠪᠢᠷᠠᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠲᠦᠮᠡᠨ ᠢ ᠤᠬᠠᠮᠰᠠᠷ ᠠᠴᠠ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠩᠨᠡᠭᠡ ᠳᠤ ᠣᠷᠣᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠢᠨ᠎ᠡ ᠳᠠᠪᠠᠯᠭᠠᠨ ᠢ ᠪᠤᠢ ᠪᠣᠯᠭᠠᠭᠰᠠᠨ ᠪᠠᠶᠢᠨ᠎ᠠ᠃
   ︽ᠡᠮᠦᠨ᠎ᠡ ᠳᠡᠭᠡᠨ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠵᠤᠨ ᠪᠤᠯᠤᠭᠰᠠᠭᠠᠷ ᠢᠯᠠᠭ᠎ᠠ ᠪᠠᠷ ᠲᠦᠭᠦᠷᠴᠦ᠂ ᠪᠠᠰᠠ ᠦᠮᠡᠬᠡᠶ ᠦᠨᠦᠷ ᠬᠠᠩᠬᠤᠯᠤᠨ᠎ᠠ᠂ ᠣᠳᠣ ᠮᠠᠨ ᠤ ᠲᠣᠰᠬᠤᠨ ᠤ ᠬᠤᠭ ᠨᠣᠪᠰᠢ ᠡᠷᠳᠡᠨᠢ ᠪᠤᠯᠵᠠᠢ᠂ ᠣᠯᠠᠨ ᠢᠶᠠᠷ ᠢᠶᠠᠨ ᠬᠤᠭ ᠨᠣᠪᠰᠢ ᠶᠢ ᠵᠠᠪᠳᠤᠨ ᠲᠡᠭᠦᠨ᠎ᠡ︾ ᠭᠡᠵᠦ ᠵᠢᠯᠠᠭ᠎ᠠ ᠲᠣᠰᠬᠤᠨ ᠤ ᠠᠷᠠᠳ ᠯᠢᠦ ᠶᠠᠩ ᠲᠠᠸᠠᠷ ᠰᠣᠯᠢᠬᠤ ᠶᠢᠨ ᠳᠠᠭᠠᠤ ᠬᠡᠯᠡᠨ᠎ᠡ᠃ ᠣᠶᠢᠯᠠᠭᠠᠭᠰᠠᠨ ᠢᠶᠠᠷ᠂ ᠵᠢᠯᠠᠭ᠎ᠠ ᠲᠣᠰᠬᠤᠨ ᠭᠠᠷᠠᠭ ᠤᠨ ᠵᠢᠷᠭᠤᠭᠠᠨ ᠤ ᠦᠳᠡ ᠶᠢᠨ ᠬᠤᠶᠢᠨ᠎ᠠ᠂ ᠲᠣᠭᠲᠠᠮᠠᠯ ᠪᠠᠶᠢᠷᠢᠨ ᠳᠤ ᠬᠤᠭ ᠨᠣᠪᠰᠢ ᠶᠢ ᠬᠤᠷᠢᠶᠠᠨ ᠰᠣᠯᠢᠵᠤ᠂ ᠬᠦᠷᠭᠡᠭᠰᠡᠨ ᠠᠮᠢᠳᠤᠷᠠᠯ ᠤᠨ ᠬᠤᠭ ᠨᠣᠪᠰᠢ ᠤᠨ ᠬᠡᠮᠵᠢᠶ᠎ᠡ ᠪᠠᠷ ᠠᠵᠤ ᠠᠬᠤᠶ ᠶᠢᠨ ᠨᠥᠬᠦᠪᠥᠷᠢ ᠣᠯᠭᠤᠵᠤ᠂ ᠲᠣᠰᠬᠤᠨ ᠤ ᠠᠷᠠᠳ ᠬᠤᠭ ᠨᠣᠪᠰᠢ ᠶᠢᠨ ᠨᠥᠬᠦᠪᠥᠷᠢ ᠶᠢᠨ ᠬᠠᠭᠤᠳᠠᠰᠤ ᠪᠠᠷ ᠢᠶᠠᠨ ᠰᠢᠭᠤᠳ ᠳᠡᠯᠭᠡᠭᠦᠷ ᠲᠤ ᠬᠦᠷᠴᠦ ᠲᠠᠸᠠᠷ ᠰᠣᠯᠢᠵᠤ ᠪᠣᠯᠤᠨ᠎ᠠ᠃
   ︽ᠥᠩᠭᠡᠷᠡᠭᠰᠡᠨ ᠳᠤ ᠵᠦᠪᠬᠡᠨ ᠴᠡᠪᠡᠷᠯᠡᠭᠴᠢ ᠳᠤ ᠲᠦᠰᠢᠭᠯᠡᠨ ᠴᠡᠪᠡᠷᠯᠡᠭᠡ ᠬᠢᠨ᠎ᠡ᠂ ᠣᠯᠠᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠴᠢᠩᠭ᠎ᠠ ᠪᠢᠰᠢ᠂ ᠬᠤᠭ ᠨᠣᠪᠰᠢ ᠶᠢ ᠰᠣᠯᠢᠬᠤ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠣᠯᠠᠨ ᠤ ᠢᠳᠡᠪᠬᠢᠵᠢᠯ ᠤᠯᠠᠮ ᠠᠴᠠ ᠤᠯᠠᠮ ᠥᠨᠳᠥᠷ ᠪᠣᠯᠵᠤ᠂ ᠵᠠᠮ ᠤᠨ ᠬᠤᠶᠠᠷ ᠬᠠᠵᠠᠭᠤ ᠪᠠᠷ ᠬᠤᠭ ᠨᠣᠪᠰᠢ ᠣᠯᠵᠤ ᠦᠵᠡᠬᠦ ᠦᠭᠡᠢ ᠪᠣᠯᠵᠤ᠂ ᠣᠯᠠᠨ ᠢᠶᠠᠷ ᠢᠶᠠᠨ ᠬᠤᠭ ᠨᠣᠪᠰᠢ ᠶᠢ ᠣᠯᠵᠤ ᠦᠵᠡᠮᠡᠭᠴᠡ ᠲᠡᠭᠦᠨ ᠠᠪᠴᠤ᠂ ᠮᠠᠨ ᠤ ᠲᠣᠰᠬᠤᠨ ᠤ ᠣᠷᠴᠢᠨ ᠲᠣᠭᠤᠷᠢᠨ ᠤ ᠴᠠᠷᠢᠭᠤᠨ ᠴᠡᠪᠡᠷ ᠴᠦ ᠤᠯᠠᠮ ᠠᠴᠠ ᠤᠯᠠᠮ ᠰᠠᠶᠢᠨ ᠪᠣᠯᠵᠠᠶ︾ ᠭᠡᠵᠦ ᠵᠢᠯᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠯᠢᠩ ᠰᠢᠨ ᠹᠦ᠋ ᠬᠡᠯᠡᠪᠡ᠃ ᠥᠷᠭᠡᠨ ᠣᠯᠠᠨ ᠲᠦᠮᠡᠨ ᠢᠯᠡᠷᠬᠡᠶᠢᠯᠡᠭᠰᠡᠨ ᠨᠢ᠂ ᠬᠤᠭ ᠨᠣᠪᠰᠢ ᠰᠣᠯᠢᠬᠤ ᠠᠵᠢᠯᠯᠠᠭ᠎ᠠ ᠳᠤ ᠦᠷᠭᠦᠯᠵᠢᠯᠡᠨ ᠣᠷᠣᠯᠴᠠᠵᠤ᠂ ᠳᠡᠷᠭᠡᠳᠡᠬᠢ ᠬᠥᠮᠦᠰ ᠢᠶᠠᠨ ᠳᠠᠶᠢᠴᠢᠯᠠᠵᠤ ᠬᠠᠮᠲᠤ ᠪᠠᠷ ᠣᠷᠣᠯᠴᠠᠭᠤᠯᠤᠨ᠎ᠠ ᠭᠡᠵᠡᠢ᠃
   ︽ᠬᠤᠭ ᠨᠣᠪᠰᠢ ᠶᠢ ᠱᠠᠩᠨᠠᠯ ᠤᠨ ᠮᠥᠩᠭᠦ ᠪᠣᠯᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠣᠯᠠᠨ ᠤ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠠᠳᠬᠠᠯ ᠲᠠᠢ ᠪᠣᠯᠬᠤ ᠳᠤ ᠨᠠᠩ ᠠᠰᠢᠭᠲᠠᠶ ᠪᠣᠯᠪᠠ᠃ ᠳᠠᠷᠠᠭᠠᠴᠢ ᠶᠢᠨ ᠠᠯᠬᠤᠮ ᠳᠤ᠂ ᠵᠡᠭᠦᠨ ᠳᠦᠷᠦᠯᠵᠢ ᠪᠠᠯᠭᠠᠰᠤ ᠶᠢᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠢᠨ᠎ᠡ ᠠᠷᠭ᠎ᠠ ᠶᠢ ᠦᠷᠭᠦᠯᠵᠢᠯᠡᠨ ᠰᠦᠪᠡᠭᠴᠢᠯᠡᠵᠦ᠂ ᠡᠯ᠎ᠡ ᠲᠣᠰᠬᠤᠨ ᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠢᠳᠡᠪᠬᠢᠵᠢᠯ ᠢ ᠪᠦᠬᠦ ᠲᠠᠯ᠎ᠠ ᠪᠠᠷ ᠬᠥᠭᠵᠢᠭᠡᠬᠦ ᠶᠢ ᠵᠣᠷᠢᠭᠵᠢᠭᠤᠯᠵᠤ᠂ ︽ᠨᠠᠮᠠᠶᠢ ᠪᠠᠷ ᠣᠷᠴᠢᠨ ᠲᠣᠭᠤᠷᠢᠨ ᠢ ᠬᠠᠮᠠᠭᠠᠯᠠᠬᠤ︾ ᠪᠠᠶᠢᠭᠰᠠᠨ ᠠᠴᠠ ︽ᠪᠢ ᠬᠠᠮᠠᠭᠠᠯᠠᠬᠤ︾ ᠪᠣᠯᠭᠠᠨ ᠬᠤᠪᠢᠷᠠᠭᠤᠯᠵᠤ᠂ ᠪᠦᠬᠦ ᠪᠠᠯᠭᠠᠰᠤ ᠪᠠᠷ ᠢᠶᠠᠨ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠠᠪᠤᠷ ᠤᠨ ᠦᠵᠡᠮᠵᠢ ᠭᠤᠶᠤ ᠰᠠᠶᠢᠬᠠᠨ ᠤᠰᠤᠨ ᠡᠷᠭᠢ ᠶᠢᠨ ᠵᠢᠵᠢᠭ ᠪᠠᠯᠭᠠᠰᠤ ᠳᠦᠷᠦᠯᠵᠢ ᠶᠢ ᠪᠦᠳᠦᠭᠡᠨ ᠪᠠᠶᠢᠭᠤᠯᠬᠤ ᠶᠢᠨ ᠲᠥᠯᠥᠭᠡ ᠲᠡᠮᠡᠴᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号