ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠭᠡᠵᠦ ᠲᠣᠪᠴᠢᠯᠠᠪᠠ ︶ ᠢ | ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ | ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ | ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ | ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠲᠣᠭᠲᠠᠭᠠᠵᠤ ᠳᠠᠷᠠᠭ᠎ᠠ ᠨᠢ | ᠴᠤᠴᠠᠯᠬᠤ ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ ︾ ︵ᠳᠣᠷᠣᠭᠰᠢ ︽ᠮᠡᠳᠡᠭᠳᠡᠯ ︾ ᠭᠡᠵᠦ | ᠲᠣᠪᠴᠢᠯᠠᠪᠠ ︶ ᠢ ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ | ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ | ᠰᠠᠭᠤᠷᠢ ᠪᠣᠯᠭᠠᠨ᠂ ︽ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢᠯᠡᠴᠢᠯᠡᠬᠦ — | ᠡᠵᠡᠩᠨᠡᠨ ᠪᠣᠷᠣᠯᠠᠭᠤᠯᠬᠤ ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ | ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠲᠠᠢ ᠬᠠᠷᠢᠴᠠᠭᠤᠯᠪᠠᠯ ᠶᠠᠮᠠᠷ ᠶᠠᠮᠠᠷ | ᠬᠤᠪᠢᠷᠠᠯᠲᠠ ᠲᠠᠢ ᠪᠤᠢ︖ | ︽ᠮᠡᠳᠡᠭᠳᠡᠯ ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ | ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ | ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ | ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ | ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ | ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ | ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ | ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ | ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ | ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ | ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ ︾ ᠪᠣᠯ | ︽ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ | ᠲᠣᠭᠲᠠᠭᠠᠬᠤ ︾᠂ ︽ᠳᠥᠷᠪᠡ ᠶᠢ ᠠᠳᠬᠤᠬᠤ ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ | ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ ︾᠂ ︽ | ᠭᠤᠷᠪᠠ ᠶᠢ ᠪᠠᠲᠤᠯᠠᠬᠤ ︾ ᠪᠣᠯ ︽ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ | ᠲᠣᠭᠲᠠᠴᠠ ᠶᠢᠨ ᠪᠠᠲᠤᠯᠠᠭ᠎ᠠ ︾ ᠪᠣᠯᠣᠨ᠎ᠠ᠃ | ︵ᠨᠢᠭᠡ ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ | ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ ︾᠂ ᠨᠢᠭᠡᠳᠦᠯᠲᠡᠢ ᠲᠥᠯᠥᠪᠯᠡᠬᠦ ᠪᠡᠯᠡ | ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ | ᠦᠭᠡᠢ ᠪᠣᠯᠭᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ | ᠬᠡᠷᠡᠭᠵᠢᠭᠦᠯᠦᠨ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ | ᠬᠤᠶᠠᠷ ᠲᠤ ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ | ︾᠂ ︽ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ ᠰᠢᠨᠡᠳᠬᠡᠬᠦ ︾ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ | ︾ ᠶᠢ ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ | ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ | ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ | ᠲᠣᠭᠲᠠᠴᠠ ᠶᠢ ᠪᠠᠶᠢᠭᠤᠯᠵᠤ ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ | ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ | ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | | ︵ᠬᠤᠶᠠᠷ ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ | ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ | ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ | ᠪᠣᠳᠣᠯᠬᠢᠯᠠᠬᠤ ︾ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ | ᠭᠠᠵᠠᠷ ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ | ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ | ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠳ᠋ᠷᠣᠨ ᠳᠠᠭᠠᠭᠠᠴᠢᠯᠠᠯᠲᠠ ᠵᠠᠷᠯᠠᠬᠤ᠂ ᠣᠨᠳᠣᠣ | ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ | ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ ︾᠂ | ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ | ᠬᠢᠷᠢ ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ | ᠬᠠᠮᠢᠶᠠᠷᠴᠤ ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ | ︾᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ | ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ | ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ | ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ | ᠨᠢᠭᠡ ᠵᠥᠪᠯᠡᠵᠦ ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ | ︾᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ | ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ | ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ | ︽ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ | ︽ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ | ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ ᠡᠵᠡᠩᠨᠡᠬᠦ ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ | ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠬᠦ ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ | ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃ ︽ᠮᠡᠳᠡᠭᠳᠡᠯ ︾ ᠢ ᠳᠠᠷᠤᠮᠠᠯᠯᠠᠨ ᠲᠠᠷᠬᠠᠭᠠᠭᠰᠠᠨ ᠤ | ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ | | |