ᠰᠢᠤᠸᠠᠢ ᠲᠢᠶᠠᠨ ᠰᠢᠶᠠᠩ ︽ᠤᠮᠠᠷᠠᠲᠤ ᠬᠢᠯᠢ ᠶᠢ ᠳᠤᠯᠠᠭᠠᠯᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠲᠠᠷᠢᠶᠠᠴᠢᠨ ᠤ ︽ᠤᠯᠠᠭᠠᠨ ᠠᠨᠠᠷ︾ ᠤᠷᠠᠨ ᠰᠠᠶᠢᠬᠠᠨ ᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/10
   ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠬᠤ ᠶᠢᠨ ᠲᠦᠯᠦᠭᠡ᠂ 6 ᠰᠠᠷ᠎ᠠ ᠶᠢᠨ 7 ᠤ ᠡᠳᠦᠷ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠰᠢᠤᠸᠠᠢ ᠲᠢᠶᠠᠨ ᠰᠢᠶᠠᠩ ᠬᠠᠮᠲᠤᠷᠠᠨ ᠡᠷᠬᠢᠯᠡᠵᠦ᠂ ᠲᠦᠴᠢᠦᠸᠠᠨ ᠰᠢᠶᠠᠨ  ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠠᠴᠠ ᠳᠠᠭᠠᠭᠠᠴᠢᠯᠠᠨ ᠡᠷᠬᠢᠯᠡᠭᠰᠡᠨ ︽ᠤᠮᠠᠷᠠᠲᠤ ᠬᠢᠯᠢ ᠶᠢ ᠳᠤᠯᠠᠭᠠᠯᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠲᠠᠷᠢᠶᠠᠴᠢᠳ ᠤᠨ ︽ᠤᠯᠠᠭᠠᠨ ᠠᠨᠠᠷ︾ ᠤᠷᠠᠨ ᠰᠠᠶᠢᠬᠠᠨ ᠤ ᠲᠣᠭᠯᠠᠯᠲᠠ ᠰᠢᠤᠸᠠᠢ ᠲᠢᠶᠠᠨ ᠰᠢᠶᠠᠩ ᠤᠨ ᡁᠢ ᠢᠦ᠋ᠢ ᠭᠧ ᠲᠠᠷᠢᠶᠠᠯᠠᠬᠤ ᠰᠣᠶᠣᠯ ᠤᠨ ᠬᠦᠷᠢᠶᠡᠯᠡᠩ ᠳᠤ ᠬᠥᠭᠵᠢᠶᠡᠨᠲᠡᠢ ᠶᠠᠪᠤᠭᠳᠠᠪᠠ᠂ ᠪᠦᠬᠦ ᠰᠢᠶᠠᠩ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠳᠡᠪᠬᠢᠲᠡᠶ ᠤᠷᠤᠯᠴᠠᠵᠦ᠂ ᠵᠢᠷᠭᠠᠯ ᠴᠡᠩᠭᠡᠯ ᠢ ᠡᠳ᠋ᠯᠡᠨ᠎ᠡ᠃
   ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠳᠤ ᠦᠨᠡᠨ ᠰᠡᠳᠬᠢᠯᠭᠡ ᠬᠦᠷᠭᠡᠵᠦ᠂ ︽ᠽᠦᠩᠽᠢ︾ ᠶᠢᠨ ᠠᠩᠬᠢᠯᠤᠮ᠎ᠠ ᠦᠨᠦᠷ ᠨᠠᠮ ᠤᠨ ᠠᠴᠢ ᠶᠢ ᠮᠠᠭᠲᠠᠨ᠎ᠠ᠃ ᠲᠦᠴᠢᠦᠸᠠᠨ ᠰᠢᠶᠠᠨ ᠤ ᠶᠠᠩ ᠭᠤᠸᠠᠩ ᠤᠳᠬ᠎ᠠ ᠤᠷᠠᠯᠢᠭ  ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠣᠯᠤᠨ ᠰᠢᠤᠸᠠᠢ ᠲᠢᠶᠠᠨ ᠰᠢᠶᠠᠩ ᠤᠨ 15 ᠲᠣᠰᠬᠤᠨ ᠤ ᠤᠳᠬ᠎ᠠ ᠤᠷᠠᠯᠢᠭ ᠤᠨ ᠰᠠᠶᠢᠨ ᠳᠤᠷᠠᠴᠤᠳ᠂ ᠰᠣᠶᠣᠯ ᠤᠨ ᠲᠣᠰᠬᠤᠨ ᠤ ᠳᠠᠷᠤᠭ᠎ᠠ ᠨᠠᠷ ᠬᠠᠮᠲᠤ ᠪᠠᠷ ᠣᠷᠣᠯᠴᠠᠵᠤ᠂ ᠬᠠᠯᠠᠮᠵᠢᠯᠠᠯ ᠪᠠ ᠪᠠᠶᠠᠷ ᠪᠠᠶᠠᠰᠤᠯ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠡᠷᠭᠡᠳᠡ ᠬᠦᠷᠭᠡᠵᠦ᠂ ᠨᠠᠮ  ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠤᠬᠠᠭᠤᠯᠵᠤ᠂ ᠨᠠᠮ ᠤᠨ ᠲᠠᠭᠤᠨ ᠢ ᠳᠠᠮᠵᠢᠭᠤᠯᠵᠤ᠂ ᠰᠢᠤᠸᠠᠢ ᠲᠢᠶᠠᠨ ᠤ ᠣᠯᠠᠨ ᠲᠦᠮᠡᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠤᠳᠬ᠎ᠠ ᠤᠷᠠᠯᠢᠭ ᠤᠨ ᠦᠪᠡᠳᠡᠭᠰᠢ ᠨᠠᠶᠢᠷ  ᠢ ᠳᠡᠯᠭᠡᠨ ᠦᠵᠡᠭᠦᠯᠪᠡ᠃ ᠡᠷᠲᠡᠨ ᠤ ᠰᠣᠩᠭᠤᠳᠠᠭ ᠪᠥᠵᠢᠭ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾᠂ ᠬᠤᠪᠢᠰᠬᠠᠯᠳᠤ ᠶᠠᠩᠭᠠᠷ ᠪᠥᠵᠢᠭ ︽ᠴᠡᠷᠢᠭ ᠢ ᠬᠦᠷᠢᠶᠡᠯᠡᠬᠦ ᠮᠠᠭᠲᠠᠭᠠᠯ ᠳᠠᠭᠤᠤ︾᠂ ᠪᠡᠭᠡᠵᠢᠩ ᠵᠦᠴᠦᠭᠡ ᠶᠢᠨ ᠴᠠᠷᠭᠢᠯ ᠬᠤᠯᠪᠣᠭ᠎ᠠ ︽ᠪᠢ ᠰᠣᠶᠣᠯ ᠤᠨ ᠲᠣᠰᠬᠤᠨ ᠤ ᠳᠠᠷᠤᠭ᠎ᠠ ᠳᠤ ᠮᠠᠭᠲᠠᠭᠠᠯ ᠳᠡᠪᠰᠢᠭᠦᠯᠦᠶ᠎ᠡ︾᠂ ᠤᠳᠤ ᠦᠶ᠎ᠡ  ᠶᠢᠨ ᠪᠥᠵᠢᠭ ︽ᠬᠠᠷᠢᠯᠴᠠᠨ ᠬᠠᠶᠢᠷᠠᠯᠠᠯᠴᠠᠬᠤ︾ ᠵᠡᠷᠭᠡ ᠠᠯᠢ ᠤᠯᠠᠨ ᠲᠣᠭᠯᠠᠯᠲᠠ ᠡᠭᠡᠯᠵᠢᠯᠡᠨ ᠢᠯᠡᠷᠡᠵᠦ᠂ ᠤᠳᠬ᠎ᠠ ᠤᠷᠠᠯᠢᠭ ᠤᠨ ᠰᠠᠶᠢᠨ ᠳᠤᠷᠠᠴᠤᠳ ᠤᠨ ᠭᠤᠶᠢᠳᠠ ᠰᠠᠶᠢᠬᠠᠨ ᠲᠣᠭᠯᠠᠯᠲᠠ ᠶᠢᠨ ᠤᠷ᠎ᠠ ᠮᠡᠷᠭᠡᠵᠢᠯ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠪᠠ᠃
   ᠭᠠᠷ ᠭᠦᠶᠴᠡᠳᠬᠡᠯ ᠢ ᠤᠷᠠᠨ ᠢᠶᠠᠷ ᠤᠯᠠᠮᠵᠢᠯᠠᠵᠤ᠂ ᠬᠦᠷᠰᠢ ᠵᠡᠷᠭᠡᠯᠡᠳᠡᠭᠡ ᠶᠢᠨ ᠬᠠᠶᠢᠷ᠎ᠠ ᠬᠠᠯᠠᠮᠵᠢ ᠪᠢᠯᠬᠠᠨ᠎ᠠ᠃ ᠲᠣᠭᠯᠠᠯᠲᠠ ᠶᠢᠨ ᠠᠬᠤᠶ ᠲᠠᠯᠠᠪᠠᠶ ᠳᠤ ᠪᠠᠰᠠ ᠽᠦᠩᠽᠢ ᠪᠠᠭᠯᠠᠬᠤ ᠤᠷᠤᠯᠳᠤᠭᠠᠨ᠂ ᠽᠦᠩᠽᠢ ᠤᠷᠭᠠᠯᠠᠬᠤ ᠤᠷᠤᠯᠳᠤᠭᠠᠨ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ᠤᠯᠠᠮᠵᠢᠯᠠᠯᠲᠤ ᠰᠣᠶᠣᠯ ᠤᠨ ᠠᠰᠠᠭᠤᠯᠲᠠ ᠬᠠᠷᠢᠭᠤᠯᠲᠠ ᠵᠡᠷᠭᠡ ᠣᠯᠠᠨ ᠬᠠᠷᠢᠯᠴᠠᠨ ᠦᠶᠯᠡᠳᠦᠯᠴᠡᠬᠦ ᠭᠤᠭᠴᠤᠭ᠎ᠠ ᠲᠣᠬᠢᠷᠠᠭᠤᠯᠵᠤ᠂ ᠦᠵᠡᠭᠴᠢᠳ ᠲᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ  ᠶᠢ ᠮᠡᠳᠡᠷᠡᠭᠦᠯᠵᠦ᠂ ᠠᠵᠢᠯᠯᠠᠭ᠎ᠠ ᠶᠢᠨ ᠠᠬᠤᠶ ᠲᠠᠯᠠᠪᠠᠶ ᠶᠢᠨ ᠦᠵᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠲᠡᠶ ᠣᠷᠣᠯᠴᠠᠵᠤ᠂ ᠪᠠᠶᠠᠷ ᠪᠠᠶᠠᠰᠤᠯ ᠲᠠᠢ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ  ᠢ ᠬᠠᠮᠲᠤ ᠪᠠᠷ ᠪᠣᠶ ᠪᠣᠯᠭᠠᠪᠠ᠃
   ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠶᠠᠷ ᠠᠮᠤᠷ ᠠᠮᠤᠭᠤᠯᠠᠩ ᠢ ᠬᠠᠮᠠᠭᠠᠯᠠᠵᠤ ᠰᠢᠨ᠎ᠡ ᠰᠤᠷᠲᠠᠯ ᠢ ᠪᠠᠳᠠᠷᠠᠭᠤᠯᠤᠨ᠎ᠠ᠃ ᠤᠷᠠᠨ ᠰᠠᠶᠢᠬᠠᠨ ᠤ ᠲᠣᠭᠯᠠᠯᠲᠠ ᠪᠠᠷ ᠲᠠᠮᠵᠢᠨ᠂ ᠰᠢᠤᠸᠠᠢ ᠲᠢᠶᠠᠨ ᠰᠢᠶᠠᠩ ᠤᠨ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠪᠠ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ ᠤᠨ ᠰᠠᠶᠢᠨ ᠳᠤᠷᠠᠴᠤᠳ ᠪᠠᠰᠠ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ᠂ ᠬᠡᠪ ᠵᠠᠩᠰᠢᠯ ᠢ ᠥᠭᠡᠷᠡᠴᠢᠯᠡᠬᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠵᠢᠭᠤ ᠨᠣᠮᠯᠠᠯ ᠢ ᠡᠰᠡᠷᠭᠦᠴᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ ᠵᠡᠷᠭᠡ ᠲᠥᠷᠥ ᠶᠢᠨ ᠪᠣᠳᠣᠯᠭ᠎ᠠ᠂ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠣᠯᠠᠨ ᠲᠦᠮᠡᠨ ᠳᠤ ᠤᠯᠤᠰ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠰᠢᠤᠸᠠᠢ ᠲᠢᠶᠠᠨ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠᠰᠠ ᠬᠠᠶᠢᠷ᠎ᠠ ᠬᠠᠯᠠᠮᠵᠢ ᠶᠢᠨ ᠵᠢᠷᠤᠮ ᠤᠨ ᠡᠮᠴᠢᠯᠡᠭᠡ ᠬᠢᠵᠦ᠂ ᠣᠯᠠᠨ ᠲᠦᠮᠡᠨ ᠳᠤ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠵᠤ᠂ ᠦᠵᠡᠭᠴᠢᠳ ᠲᠤ ᠲᠣᠭᠯᠠᠯᠲᠠ ᠶᠢ ᠰᠣᠨᠢᠷᠬᠠᠬᠤ ᠶᠢᠨ ᠬᠠᠮᠲᠤ᠂ ︽ᠠᠨᠠᠷ ᠤᠨ ᠦᠷ᠎ᠡ︾ ᠶᠢᠨ ᠰᠤᠶᠤᠯ ᠤᠨ ᠴᠤᠭᠯᠠᠭᠠᠨ ᠳᠤ ᠤᠷᠤᠯᠴᠠᠪᠠ᠃
   ᠲᠣᠰ ᠤᠳᠠᠭᠠᠨ ᠤ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠤᠯᠠᠮᠵᠢᠯᠠᠯᠲᠤ ᠪᠠᠶᠠᠷ  ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠣᠷᠣᠯᠴᠠᠬᠤ ᠰᠡᠳᠬᠢᠯᠭᠡ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ ᠰᠢᠤᠸᠠᠢ ᠲᠢᠶᠠᠨ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠵᠢᠭᠰᠠᠭᠠᠯ ᠤᠨ ᠭᠠᠵᠠᠷ ᠤᠨ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠩ ᠣᠯᠠᠨ ᠡᠷᠭᠢᠯᠡᠵᠦ᠂ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号