ᠴᠠᠨ᠎ᠠ ᠴᠡᠴᠡᠭ ᠳᠡᠯᠭᠡᠷᠡᠵᠦ ᠵᠣᠴᠢᠨ ᠤᠭᠳᠤᠨ᠎ᠠ
ᠨᠡᠶᠢᠲᠡᠯᠡᠭᠰᠡᠨ ᠴᠠᠭ᠄
2024/6/11
   ᠪᠠᠰᠠ ᠨᠢᠭᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠪᠤᠯᠵᠦ᠂ ᠴᠠᠨ᠎ᠠ ᠴᠡᠴᠡᠭ ᠳᠡᠯᠭᠡᠷᠡᠵᠦ ᠬᠥᠮᠦᠨ ᠢ ᠰᠣᠭᠲᠣᠷᠠᠭᠤᠯᠤᠨ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠲᠦᠴᠢᠦᠸᠠᠨ ᠰᠢᠶᠠᠨ ᠤ ᠡᠯ᠎ᠡ ᠭᠠᠵᠠᠷ ᠤᠨ ᠳᠠᠷᠢᠭᠰᠠᠨ ᠴᠠᠨ᠎ᠠ ᠴᠡᠴᠡᠭ ᠪᠠᠳᠠᠷᠠᠨ ᠳᠡᠯᠭᠡᠷᠡᠬᠦ ᠬᠤᠭᠤᠴᠠᠭᠠᠨ ᠳᠤ ᠣᠷᠣᠵᠤ᠂ ᠶᠡᠭᠡ ᠬᠡᠰᠡᠭ ᠴᠠᠨ᠎ᠠ ᠴᠡᠴᠡᠭ ᠳᠡᠯᠭᠡᠷᠡᠨ᠂ ᠴᠡᠴᠡᠭ ᠤᠨ ᠦᠨᠦᠷ ᠬᠠᠩᠬᠤᠯᠵᠤ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ︽ᠳᠡᠯᠭᠡᠷᠡᠭᠰᠡᠨ ᠬᠤᠸᠠᠷ ᠴᠡᠴᠡᠭ ᠳᠠᠯᠠᠢ ᠮᠡᠲᠦ︾ ᠰᠦᠷᠯᠢᠭ ᠰᠠᠶᠢᠬᠠᠨ ᠦᠵᠡᠮᠵᠢ ᠶᠢ ᠰᠣᠨᠢᠷᠬᠠᠪᠠ᠃
   ᠬᠥᠮᠦᠨ ᠴᠡᠴᠡᠭ ᠤᠨ ᠳᠤᠮᠳᠠ ᠶᠠᠪᠤᠪᠠᠯ᠂ ᠪᠦᠬᠦ ᠪᠡᠶ᠎ᠡ ᠶᠢᠨ ᠠᠩᠬᠢᠯᠤᠮ᠎ᠠ ᠦᠨᠦᠷ ᠬᠠᠩᠬᠤᠯᠤᠨ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠴᠠᠨ᠎ᠠ ᠴᠡᠴᠡᠭ ᠳᠡᠯᠭᠡᠷᠡᠬᠦ ᠤᠯᠠᠷᠢᠯ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ ᠤ ᠴᠠᠨ᠎ᠠ ᠶᠢᠨ ᠲᠠᠷᠢᠮᠠᠯ ᠤᠨ ᠰᠠᠭᠤᠷᠢᠨ ᠳᠤ᠂ 100 ᠭᠠᠷᠤᠢ ᠮᠦ ᠴᠠᠨ᠎ᠠ ᠴᠡᠴᠡᠭ ᠬᠤᠶᠢᠨ᠎ᠠ ᠬᠤᠶᠢᠨ᠎ᠠ ᠠᠴᠠ ᠪᠠᠨ ᠳᠡᠯᠭᠡᠷᠡᠨ᠎ᠡ᠃
   ᠨᠢᠭᠡ ᠪᠠᠭᠴᠠ ᠴᠠᠨ᠎ᠠ ᠴᠡᠴᠡᠭ ᠤᠨ ᠬᠡᠯᠪᠡᠷᠢ ᠨᠢ ᠳᠦᠭᠦᠷᠡᠩ ᠪᠠᠶᠢᠵᠤ᠂ ᠬᠥᠮᠦᠰ ᠲᠤ ᠠᠳᠠᠯᠢ ᠪᠤᠰᠤ ᠲᠥᠷᠥᠭᠳᠡᠯ ᠥᠭᠭᠦᠨ᠎ᠡ᠂ ᠮᠢᠩᠭ᠎ᠠ ᠲᠦᠮᠡᠨ ᠰᠠᠭᠤᠷᠢ ᠤᠯᠠᠭᠠᠨ ᠦᠩᠭᠡ᠂ ᠶᠠᠭᠠᠨ ᠦᠩᠭᠡ ᠪᠤᠶᠤ ᠴᠠᠭᠠᠨ ᠥᠩᠭᠡ ᠶᠢᠨ ᠴᠠᠨ᠎ᠠ ᠴᠡᠴᠡᠭ ᠰᠠᠯᠬᠢᠨ ᠤ ᠠᠶ᠎ᠠ ᠪᠠᠷ ᠨᠠᠶᠢᠭᠤᠨ᠎ᠠ᠂ ᠴᠥᠭᠡᠨ ᠪᠤᠰᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠰᠡᠭᠦᠳᠡᠷᠯᠡᠨ ᠳᠤᠷᠠᠰᠬᠠᠯ ᠦᠯᠡᠳᠡᠭᠡᠵᠦ᠂ ᠨᠠᠩ ᠴᠤ ᠠᠳᠠᠯᠢ ᠪᠤᠰᠤ ᠦᠵᠡᠮᠵᠢ ᠪᠣᠯᠤᠨ᠎ᠠ᠃
   ᠴᠠᠨ᠎ᠠ ᠴᠡᠴᠡᠭ ᠢ ᠪᠠᠰᠠ ᠴᠡᠴᠡᠭ ᠤᠨ ᠳᠣᠲᠣᠷᠠᠬᠢ ᠽᠠᠶᠢᠰᠢᠶᠠᠩ ᠭᠡᠳᠡᠭ᠂ ᠴᠡᠴᠡᠭ ᠤᠨ ᠥᠩᠭᠡ ᠨᠢ ᠬᠡᠭᠡᠨᠴᠢᠷ ᠰᠠᠶᠢᠬᠠᠨ᠂ ᠳᠦᠷᠢ ᠪᠠᠶᠢᠳᠠᠯ ᠨᠢ ᠦᠵᠡᠰᠬᠦᠯᠡᠩ ᠰᠠᠶᠢᠬᠠᠨ᠂ ᠠᠩᠬᠢᠯᠤᠮ᠎ᠠ ᠰᠠᠶᠢᠬᠠᠨ᠃ ᠲᠡᠭᠦᠨ ᠤ ᠴᠡᠴᠡᠭ ᠨᠢ ᠲᠣᠮᠣ᠂ ᠥᠩᠭᠡ ᠨᠢ ᠰᠣᠷᠭᠤᠭ᠂ ᠴᠡᠴᠡᠭ ᠤᠨ ᠬᠡᠯᠪᠡᠷᠢ ᠨᠢ ᠭᠤᠶᠣ ᠰᠠᠶᠢᠬᠠᠨ᠂ ᠲᠥᠷᠥᠯ ᠵᠦᠢᠯ ᠨᠢ ᠡᠯᠪᠡᠭ ᠪᠠᠶᠠᠯᠢᠭ ᠢᠶᠠᠷ ᠢᠶᠠᠨ ᠠᠯᠳᠠᠷᠰᠢᠵᠠᠶ᠃ ᠲᠦᠴᠢᠦᠸᠠᠨ ᠰᠢᠶᠠᠨ ᠤ ᠴᠠᠨ᠎ᠠ ᠶᠢᠨ ᠲᠠᠷᠢᠮᠠᠯ ᠥᠨᠢ ᠤᠳᠠᠭᠠᠨ ᠲᠡᠦᠬᠡ ᠲᠠᠢ᠃ 5 ᠰᠠᠷ᠎ᠠ ᠶᠢᠨ ᠰᠡᠭᠦᠯᠴᠢ 6 ᠰᠠᠷ᠎ᠠ ᠶᠢᠨ ᠡᠬᠢ ᠪᠣᠯᠬᠤ ᠪᠦᠷᠢ᠂ ᠲᠤᠬᠠᠢ ᠶᠢᠨ ᠭᠠᠵᠠᠷ ᠤᠨ ᠲᠦᠭ ᠲᠦᠮᠡᠨ ᠴᠠᠨ᠎ᠠ ᠴᠡᠴᠡᠭ ᠵᠠᠯᠭᠠᠭ᠎ᠠ ᠵᠠᠯᠭᠠᠭ᠎ᠠ ᠪᠠᠷ ᠲᠡᠯᠭᠡᠷᠡᠵᠦ᠂ ᠠᠭᠤᠯᠠ ᠲᠠᠯ᠎ᠠ ᠳᠦᠭᠦᠷᠡᠩ ᠬᠢᠯᠠᠯᠵᠠᠵᠤ᠂ ᠬᠥᠮᠦᠰ ᠢ ᠰᠣᠭᠲᠣᠭᠤᠷᠠᠭᠤᠯᠤᠨ᠎ᠠ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠡᠮ ᠳᠤ ᠬᠡᠷᠡᠭᠯᠡᠬᠦ ᠦᠨ᠎ᠡ ᠦᠷᠳᠡᠭ ᠲᠠᠢ ᠪᠥᠭᠡᠳ ᠠᠮᠢ ᠠᠬᠤᠢ ᠶᠢᠨ ᠦᠵᠡᠮᠦᠷᠢ ᠶᠢᠨ ᠦᠨ᠎ᠡ ᠦᠷᠳᠡᠭ ᠲᠠᠢ ᠴᠠᠨ᠎ᠠ ᠶᠢᠨ ᠡᠮ᠂ ᠬᠤᠨᠴᠢᠨ ᠵᠡᠷᠭᠡ ᠡᠪᠡᠰᠦᠨ ᠡᠮ ᠲᠠᠷᠢᠬᠤ ᠶᠢ ᠶᠡᠭᠡ ᠪᠠᠷ ᠳᠡᠯᠭᠡᠷᠡᠭᠦᠯᠵᠦ᠂ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠤ ᠵᠤᠭᠠᠴᠠᠯ ᠢ ᠣᠷᠭᠠᠨᠢᠭ  ᠢᠶᠠᠷ ᠤᠶᠠᠯᠳᠤᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠠᠭᠤᠰᠤᠯᠴᠠᠯ ᠢ ᠬᠠᠷᠢᠯᠴᠠᠨ ᠲᠤᠪᠤᠶᠢᠯᠭᠠᠵᠤ᠂ ᠬᠥᠳᠡᠭᠡ ᠲᠣᠰᠬᠤᠨ ᠤ ᠬᠥᠭᠵᠢᠯᠲᠡ ᠳᠤ ︽ᠠᠯᠳᠠᠷᠰᠢᠯ︾ ᠢ ᠨᠢᠭᠲᠠᠷᠠᠭᠤᠯᠵᠤ᠂ ᠤᠯᠠᠨ ᠲᠦᠮᠡᠨ ᠳᠤ ︽ᠡᠳ᠋ ᠮᠥᠩᠭᠦ︾ ᠣᠯᠭᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号